ᠢᠦᠢ ᠵᠢᠢ ᠱᠦᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠤᠭᠤᠳᠴᠠᠢ
ᠨᠡᠶᠢᠲᠡᠯᠡᠭᠰᠡᠨ ᠴᠠᠭ᠄
2024/11/18
    11 ᠰᠠᠷ᠎ᠠ ᠶᠢᠨ 12 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠳᠤ ᠬᠦᠷᠴᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠰᠢᠨᠵᠢᠯᠡᠨ ᠪᠠᠶᠢᠴᠠᠭᠠᠵᠠᠢ᠃     ᠢᠦᠢ ᠵᠢᠢ ᠱᠦᠨ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠶᠢᠨ ᠠᠵᠤ ᠦᠢᠯᠡᠳᠪᠦᠷᠢ ᠶᠢᠨ ᠱᠤᠤᠭᠢᠶᠠᠨ ᠢ ᠵᠠᠰᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠥᠭᠦᠬᠡᠷᠤᠮᠵᠢ ᠶᠢᠨ ᠱᠤᠤᠬᠢᠶᠠᠨ ᠤ ᠲᠤᠬᠠᠢ ᠤᠯᠠᠨ ᠲᠦᠮᠡᠨ ᠤ ᠲᠤᠰᠬᠠᠯ ᠨᠡᠯᠢᠶᠡᠳ ᠲᠤᠪᠤᠶᠢᠮ᠎ᠠ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠢ ᠰᠤᠷᠪᠤᠯᠵᠢᠯᠠᠪᠠ᠃      ᠢᠦᠢ ᠵᠢᠢ ᠱᠦᠨ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠠᠷᠢᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠪᠡᠯᠡᠳᠭᠡᠯ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠲᠦᠷᠦᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠪᠡ᠃                               ︵ᠵᠠᠩ ᠴᠢᠶᠠᠩ   ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号