ᠤᠯᠠᠭᠠᠨᠬᠤᠲᠠ ᠶᠢᠨ ᠶᠡᠷᠦᠩᠬᠡᠶ ᠪᠠᠯᠠ ᠣᠷᠣᠭᠤᠯᠤᠯᠲᠠ ᠨᠢ 1.66 ᠳ᠋ᠦᠩᠰᠢᠭᠤᠷ ᠲᠥᠭᠦᠷᠢᠭ ᠤᠨ ᠠᠷᠠᠯᠵᠢᠶ᠎ᠠ ᠬᠤᠳᠠᠯᠳᠤᠭᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/18
  2024 ᠣᠨ ᠳᠤ᠂ ᠤᠯᠠᠭᠠᠨᠬᠤᠲᠠ ᠲᠥᠷᠥᠯ ᠵᠦᠢᠯ ᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠧᠦ ᠶᠠ ᠬᠤᠳᠠᠯᠳᠤᠭᠠᠨ ᠤ ᠲᠥᠪ᠂ ᠸᠠᠨ ᠳ᠋ᠠ ᠠᠭᠤᠳᠠᠮ ᠲᠠᠯᠠᠪᠠᠶ ᠵᠡᠷᠭᠡ ᠬᠤᠳᠠᠯᠳᠤᠭᠠᠨ ᠤ ᠭᠤᠤᠯ ᠴᠣᠭᠴᠠ ᠶᠢ ᠲᠠᠶᠢᠴᠢᠯᠡᠨ ᠵᠢᠯᠣᠭᠤᠳᠴᠤ ᠪᠠᠶᠢᠭᠠᠳ ᠥᠭᠡᠷᠡᠴᠢᠯᠡᠨ ᠳᠡᠭᠡᠭᠰᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠮᠥᠷᠭᠡᠯᠡᠨ ᠬᠠᠳᠠᠭᠠᠯᠠᠬᠤ ᠦᠢᠯᠡᠴᠢᠯᠡᠭᠡ᠂ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠠᠰ ᠳᠡᠪᠰᠢᠭᠦᠯᠬᠦ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠣᠯᠠᠨ ᠡᠰᠢᠵᠢᠭᠰᠡᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠵᠤ ᠪᠠᠶᠢᠨ᠎ᠠ᠃ ᠡᠨᠡ ᠵᠢᠯ᠂ ᠮᠢᠩᠭ᠎ᠠ ᠲᠦᠮᠡᠨ ᠲᠥᠭᠦᠷᠢᠭ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠭᠤᠤᠯᠳᠠᠯᠭ᠎ᠠ ᠲᠠᠢ ᠲᠥᠷᠥᠯ ᠵᠦᠢᠯ ᠢ 5 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 1.66 ᠳ᠋ᠦᠩᠰᠢᠭᠤᠷ ᠲᠥᠭᠦᠷᠢᠭ  ᠬᠦᠷᠴᠠᠢ᠃ ᠲᠣᠰ ᠲᠣᠰ ᠧᠦ ᠶᠠ ᠬᠤᠳᠠᠯᠳᠤᠭᠠᠨ ᠤ ᠲᠥᠪ ᠢ ᠲᠠᠰ ᠳᠡᠪᠰᠢᠭᠦᠯᠦᠨ ᠥᠭᠡᠷᠡᠴᠢᠯᠡᠬᠦ᠂ ᠸᠠᠨ ᠳ᠋ᠠ ᠴᠢᠯᠦᠭᠡᠳᠤ ᠳᠡᠯᠭᠡᠭᠦᠷ ᠢ ᠲᠠᠰ ᠳᠡᠪᠰᠢᠭᠦᠯᠦᠨ ᠥᠭᠡᠷᠡᠴᠢᠯᠡᠬᠦ᠂ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ ᠬᠦᠷᠭᠡᠬᠦ ᠲᠣᠭᠤᠷᠢᠭ᠂ ᠵᠢᠶᠧ ᠴᠧᠩ ᠠᠮᠤ ᠪᠤᠳᠠᠭᠠᠨ ᠤ ᠲᠥᠬᠦᠭᠡᠷᠦᠮᠵᠢ ᠶᠢ ᠥᠭᠡᠷᠡᠴᠢᠯᠡᠬᠦ ᠲᠥᠷᠥᠯ ᠵᠦᠢᠯ ᠪᠣᠯᠤᠨ᠎ᠠ᠂ ᠣᠳᠣᠬᠠᠨ ᠳᠤ ᠨᠢᠭᠡᠨᠲᠡ ᠪᠦᠬᠦᠨ ᠢ ᠪᠠᠶᠢᠭᠤᠯᠵᠤ ᠳᠠᠭᠤᠰᠬᠠᠵᠠᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠠᠶᠢᠮᠠᠭ ᠬᠤᠲᠠ ᠶᠢᠨ ᠬᠡᠷᠡᠭᠯᠡᠭᠡᠨ ᠤ ᠳᠠᠭᠠᠭᠠᠴᠠ ᠪᠠ ᠳᠠᠶᠢᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠪᠠ᠃ ᠡᠨᠡ ᠵᠢᠯ ᠠᠴᠠ ᠨᠠᠰᠢ᠂ ᠤᠯᠠᠭᠠᠨᠬᠤᠲᠠ ᠬᠡᠷᠡᠭᠯᠡᠭᠡ ᠶᠢ ᠠᠬᠢᠭᠤᠯᠬᠤ ᠪᠠᠶᠢᠩᠭᠤᠵᠢᠭᠰᠠᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠬᠦᠯᠵᠦ ᠂ ᠴᠢᠯᠠᠭᠤᠨ ᠲᠣᠰᠣ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠠᠵᠢᠯ ᠲᠥᠷᠥᠯ ᠤᠨ ᠪᠣᠷᠣᠯᠠᠭᠤᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号