ᠤᠯᠠᠭᠠᠨᠬᠤᠳᠠ ᠤᠬᠠᠭᠤᠯᠭ᠎ᠠ ᠬᠦᠮᠦᠵᠢᠯ ᠢ ᠴᠢᠩᠭᠠᠳᠬᠠᠵᠦ ᠬᠠᠤᠯᠢ ᠴᠠᠭᠠᠵᠠ ᠶᠢᠨ ᠮᠡᠳᠡᠯᠭᠡ ᠶᠢ ᠬᠦᠮᠦᠰ ᠤᠨ ᠰᠡᠳᠭᠢᠯ ᠳᠤ ᠬᠠᠳᠠᠩᠰᠢᠭᠤᠯᠵᠦ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/18
     ᠤᠷᠴᠢᠮᠬᠠᠨ᠂ ᠤᠯᠠᠭᠠᠨᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ ᠪᠤᠯᠤᠨ ᠤᠯᠠᠭᠠᠨᠬᠤᠳᠠ ᠶᠢᠨ ᠠᠶᠢᠭᠦ᠋ᠸᠧ ᠵᠡᠬᠡᠯᠢ ᠬᠠᠮᠳᠤᠷᠠᠨ ᠤᠯᠠᠭᠠᠨᠬᠤᠳᠠ ᠶᠢᠨ ᠠᠶᠢᠭᠦ᠋ᠸᠧ ᠵᠡᠬᠡᠯᠢ ᠶᠢᠨ ᠴᠦᠨ ᠶᠠᠩ ᠨᠡᠶᠢᠬᠡᠮ ᠲᠤᠭᠤᠷᠢᠭ ᠲᠤ ᠠᠭᠤᠰᠤᠯᠴᠠᠬᠤ᠂ ᠦᠢᠯᠡᠳᠦᠯᠴᠡᠬᠦ᠂ ᠪᠡᠶᠡᠴᠢᠯᠡᠨ ᠤᠶᠢᠯᠠᠭᠠᠬᠤ᠂ ᠰᠢᠨ᠎ᠡ ᠶᠢ ᠡᠭᠦᠳᠦᠬᠦ ᠶᠢ ᠨᠢᠬᠡ ᠴᠤᠬᠴᠠᠵᠢᠭᠤᠯᠤᠬᠰᠠᠨ ᠬᠠᠤᠯᠢ ᠴᠠᠭᠠᠵᠠ ᠶᠢᠨ ᠬᠦᠮᠦᠵᠢᠯ ᠤᠨ ᠰᠠᠭᠤᠷᠢᠨ ᠭᠠᠵᠠᠷ ᠪᠠᠶᠢᠭᠤᠯᠵᠤ ᠠᠰᠢᠬᠯᠠᠯᠳᠠ ᠳᠤ ᠤᠷᠤᠭᠤᠯᠤᠨ᠂ ᠬᠠᠤᠯᠢ ᠲᠦᠬᠡᠮᠡᠯᠵᠢᠬᠦᠯᠬᠦ ᠤᠬᠠᠭᠤᠯᠭ᠎ᠠ ᠬᠦᠮᠦᠵᠢᠯ᠂ ᠬᠠᠤᠯᠢ ᠴᠠᠭᠠᠵᠠ ᠶᠢᠨ ᠠᠰᠠᠭᠤᠨ ᠯᠠᠪᠯᠠᠯᠳᠠ ᠶᠢᠨ ᠦᠢᠯᠡᠴᠢᠯᠡᠭᠡ ᠵᠡᠷᠭᠡ ᠰᠢᠷᠢᠰ ᠠᠵᠢᠯᠯᠠᠭ᠎ᠠ ᠦᠷᠨᠢᠬᠦᠯᠵᠦ᠂ ᠬᠠᠤᠯᠢ ᠴᠠᠭᠠᠵᠠ ᠶᠢᠨ ᠬᠦᠮᠦᠵᠢᠯ ᠢ ᠬᠦᠮᠦᠰ ᠤᠨ ᠰᠡᠳᠬᠢᠯ ᠳᠤ ᠬᠠᠳᠠᠩᠰᠢᠭᠤᠯᠵᠠᠢ᠃     ᠰᠠᠭᠤᠭᠠᠯᠢ ᠠᠷᠠᠳ ᠴᠧᠨ ᠭᠦᠢ ᠴᠢᠩ ᠤᠯᠠᠭᠠᠨᠬᠤᠳᠠ ᠶᠢᠨ ᠠᠶᠢᠭᠦ᠋ᠸᠧ ᠵᠡᠬᠡᠯᠢ ᠶᠢᠨ ᠴᠦᠨ ᠶᠠᠩ ᠨᠡᠶᠢᠬᠡᠮ ᠲᠤᠭᠤᠷᠢᠭ ᠤᠨ ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠨᠢᠬᠡᠳᠦᠭᠡᠷ ᠲᠠᠪᠬᠤᠷᠯᠢᠭ ᠲᠤ ᠪᠠᠶᠢᠭ᠎ᠠ ᠠᠶᠢᠭᠦ᠋ᠸᠧ ᠬᠠᠤᠯᠢ ᠴᠠᠭᠠᠵᠠ ᠶᠢᠨ ᠭᠠᠵᠠᠷ ᠤᠨ ᠠᠵᠢᠯᠳᠠᠳ ᠠᠴᠠ ᠬᠠᠤᠯᠢ ᠴᠠᠭᠠᠵᠠ ᠶᠢᠨ ᠲᠤᠬᠠᠢ ᠠᠰᠠᠭᠤᠯᠳᠠ ᠪᠠᠨ ᠠᠰᠠᠭᠤᠵᠦ ᠨᠠᠷᠢᠯᠢᠭ ᠬᠠᠷᠢᠭᠤᠯᠳᠠ ᠤᠯᠤᠭᠠᠳ ᠰᠡᠳᠬᠢᠯ ᠨᠢ ᠠᠭᠤᠵᠢᠷᠠᠵᠠᠢ᠃ ᠴᠧᠨ ᠭᠦᠢ ᠴᠢᠩ ᠄ ︽ᠬᠠᠤᠯᠢ ᠶᠤᠰᠤᠭᠠᠷ ᠡᠷᠭᠡ ᠠᠰᠢᠭ ᠢᠶᠠᠨ ᠬᠡᠷᠬᠢᠨ ᠬᠠᠮᠠᠭᠠᠯᠠᠬᠤ ᠪᠠᠨ ᠮᠡᠳᠡᠭᠡᠳ ᠤᠳᠤ ᠡᠬᠦᠳᠡᠨ ᠡᠮᠦᠨ᠎ᠡ ᠪᠠᠨ ᠬᠠᠤᠯᠢ ᠴᠠᠭᠠᠵᠠ ᠶᠢᠨ ᠠᠰᠠᠭᠤᠨ ᠯᠠᠪᠯᠠᠯᠳᠠ ᠶᠢᠨ ᠲᠤᠬᠠᠢ ᠲᠤᠰᠠᠯᠠᠮᠵᠢ ᠬᠦᠷᠳᠡᠵᠦ ᠦᠨᠡᠬᠡᠷ ᠲᠦᠬᠦᠮ ᠪᠤᠯᠵᠠᠢ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃     ᠰᠠᠭᠤᠭᠠᠯᠢ ᠠᠷᠠᠳ ᠠᠶᠢᠭᠦ᠋ᠸᠧ ᠵᠡᠬᠡᠯᠢ ᠶᠢᠨ ᠴᠦᠨ ᠶᠠᠩ ᠨᠡᠶᠢᠬᠡᠮ ᠲᠤᠭᠤᠷᠢᠭ ᠤᠨ ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠭᠤᠷᠪᠠᠳᠤᠭᠠᠷ ᠲᠠᠪᠬᠤᠷᠯᠢᠭ ᠤᠨ ᠬᠠᠤᠯᠢ ᠴᠠᠭᠠᠵᠠ ᠶᠢᠨ ᠬᠦᠮᠦᠵᠢᠯ ᠤᠨ ᠰᠠᠭᠤᠷᠢᠨ ᠭᠠᠵᠠᠷ ᠲᠤ ᠬᠦᠷᠴᠦ᠂ ᠮᠠᠨ ᠤ ᠤᠯᠤᠰ ᠤᠨ ᠬᠠᠤᠯᠢ ᠴᠠᠭᠠᠵᠠ ᠶᠢᠨ ᠬᠦᠭᠵᠢᠯᠳᠡ ᠪᠠ ᠬᠠᠤᠯᠢᠵᠢᠯ ᠤᠨ ᠪᠠᠶᠢᠭᠤᠯᠤᠯᠳᠠ ᠶᠢᠨ ᠤᠯᠤᠬᠰᠠᠨ ᠦᠷ᠎ᠡ ᠪᠦᠳᠦᠮᠵᠢ ᠶᠢᠨ ᠲᠤᠬᠠᠢ ᠲᠠᠶᠢᠯᠪᠦᠷᠢᠯᠠᠬᠴᠢ ᠶᠢᠨ ᠲᠠᠶᠢᠯᠪᠦᠷᠢᠯᠠᠯᠳᠠ ᠶᠢ ᠨᠠᠷᠢᠨ ᠬᠢᠨᠠᠮᠠᠭᠠᠢ ᠰᠤᠨᠤᠰᠴᠦ ᠪᠠᠶᠢᠯ᠎ᠠ᠃     ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ ᠬᠠᠤᠯᠢ ᠴᠠᠭᠠᠵᠠ ᠶᠢᠨ ᠬᠦᠮᠦᠵᠢᠯ ᠦᠢᠯᠡᠳᠦᠯᠬᠡ ᠪᠠ ᠰᠢᠨ᠎ᠠ ᠶᠢ ᠡᠬᠦᠳᠬᠦ ᠶᠢ ᠲᠠᠰᠦᠷᠠᠯᠳᠠ ᠦᠬᠡᠢ ᠴᠢᠩᠭᠠᠳᠬᠠᠵᠦ᠂ ᠡᠨᠡ ᠵᠢᠯ ᠤᠨ 7 ᠰᠠᠷ᠎ᠠ ᠠᠴᠠ 9 ᠰᠠᠷ᠎ᠠ ᠶᠢᠨ ᠬᠤᠭᠤᠷᠤᠨᠳᠤ᠂ ᠤᠯᠠᠭᠠᠨᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ ᠪᠤᠯᠤᠨ ᠤᠯᠠᠭᠠᠨᠬᠤᠳᠠ ᠶᠢᠨ ᠠᠶᠢᠭᠦ᠋ᠸᠧ ᠵᠡᠬᠡᠯᠢ ᠶᠢᠨ ᠬᠡᠷᠡᠭ ᠡᠷᠬᠢᠯᠡᠬᠦ ᠭᠠᠵᠠᠷ ᠬᠠᠮᠵᠢᠯᠴᠠᠨ᠂ ᠡᠬᠢ ᠪᠠᠶᠠᠯᠢᠭ ᠢᠶᠠᠨ ᠢᠳᠡᠪᠬᠢᠳᠡᠢ ᠨᠡᠶᠢᠳᠬᠡᠵᠦ᠂ ᠠᠶᠢᠭᠦ᠋ᠸᠧ ᠵᠡᠬᠡᠯᠢ ᠶᠢᠨ ᠴᠦᠨ ᠶᠠᠩ ᠨᠡᠶᠢᠬᠡᠮ ᠲᠤᠭᠤᠷᠢᠭ ᠲᠤ ᠤᠯᠠᠭᠠᠨᠬᠤᠳᠠ ᠶᠢᠨ ᠬᠠᠤᠯᠢ ᠴᠠᠭᠠᠵᠠ ᠶᠢᠨ ᠬᠦᠮᠦᠵᠢᠯ ᠤᠨ ᠰᠠᠭᠤᠷᠢᠨ ᠭᠠᠵᠠᠷ ᠪᠠᠶᠢᠭᠤᠯᠵᠦ᠂ ᠭᠤᠤᠯᠳᠠᠭᠤ ᠦᠨᠳᠦᠰᠦᠨ ᠬᠠᠤᠯᠢ ᠪᠠ ᠢᠷᠬᠡᠨ ᠤ ᠬᠠᠤᠯᠢ᠂ ᠬᠤᠤᠷ ᠴᠠᠭᠠᠵᠠᠯᠠᠬᠤ᠂ ᠮᠡᠬᠡᠯᠡᠯ ᠢ ᠡᠰᠡᠷᠬᠦᠴᠡᠬᠦ᠂ ᠭᠠᠯ ᠰᠡᠷᠬᠡᠶᠢᠯᠡᠵᠦ ᠤᠨᠳᠠᠷᠠᠭᠠᠬᠤ᠂ ᠵᠠᠮ ᠬᠠᠷᠢᠯᠴᠠᠭᠠᠨ ᠤ ᠠᠮᠦᠷ ᠲᠦᠪᠰᠢᠨ ᠢ ᠪᠠᠳᠤᠯᠠᠬᠤ ᠂ ᠵᠠᠯᠠᠭᠤᠴᠤᠳ ᠪᠠᠭᠠᠴᠤᠳ ᠪᠠ ᠨᠠᠰᠦᠳᠠᠶᠢᠴᠤᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠵᠡᠷᠭᠡ 8 ᠲᠠᠯ᠎ᠠ ᠶᠢᠨ ᠠᠭᠤᠯᠭ᠎ᠠ ᠶᠢ ᠪᠠᠭᠳᠠᠭᠠᠵᠦ᠂ ᠤᠳᠤ ᠨᠢᠬᠡᠨᠳᠡ ᠵᠠᠭᠤ ᠭᠠᠷᠦᠢ ᠬᠦᠮᠦᠨ ᠢ ᠬᠦᠯᠢᠶᠡᠨ ᠠᠪᠴᠦ ᠰᠤᠨᠢᠷᠬᠠᠭᠤᠯᠵᠠᠢ᠃     ᠤᠯᠠᠭᠠᠨᠬᠤᠳᠠ ᠶᠢᠨ ᠠᠶᠢᠭᠦ᠋ᠸᠧ ᠵᠡᠬᠡᠯᠢ ᠶᠢᠨ ᠴᠦᠨ ᠶᠠᠩ ᠨᠡᠶᠢᠬᠡᠮ ᠲᠤᠭᠤᠷᠢᠭ ᠤᠨ ᠨᠠᠮ ᠤᠨ ᠶᠡᠷᠦᠩᠭᠡᠢ ᠡᠬᠦᠷ ᠤᠨ ᠱᠦᠵᠢ ᠹᠦ᠋ ᠶᠤᠸᠠᠨ᠄ ︽ᠬᠠᠤᠯᠢ ᠴᠠᠭᠠᠵᠠ ᠶᠢᠨ ᠬᠦᠮᠦᠵᠢᠯ ᠤᠨ ᠰᠠᠭᠤᠷᠢᠨ ᠭᠠᠵᠠᠷ ᠨᠢ ᠬᠠᠤᠯᠢ ᠴᠠᠭᠠᠵᠠ ᠶᠢᠨ ᠬᠦᠮᠦᠵᠢᠯ ᠤᠨ ᠤᠬᠠᠭᠤᠯᠭ᠎ᠠ ᠶᠢᠨ ᠠᠴᠢᠶᠠᠯᠠᠬᠴᠢ ᠪᠤᠯᠬᠤᠷ ᠬᠠᠤᠯᠢᠵᠢᠯ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠴᠢᠬᠤᠯᠠ ᠡᠬᠦᠷᠭᠡ ᠲᠠᠢ᠃ ᠠᠶᠢᠭᠦ᠋ᠸᠧ ᠵᠡᠬᠡᠯᠢ ᠶᠢᠨ ᠴᠦᠨ ᠶᠠᠩ ᠨᠡᠶᠢᠬᠡᠮ ᠲᠤᠭᠤᠷᠢᠭ ᠲᠠᠷᠠᠭᠠᠴᠢ ᠪᠠᠷ ᠬᠠᠤᠯᠢ ᠴᠠᠭᠠᠵᠠ ᠶᠢᠨ ᠬᠦᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢᠶᠠᠨ ᠪᠦᠷᠢᠮᠦᠰᠦᠨ ᠪᠠᠳᠠᠷᠠᠭᠤᠯᠵᠦ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠤᠯᠠᠨ ᠬᠡᠯᠪᠡᠷᠢ ᠪᠠᠷ ᠵᠤᠬᠢᠶᠠᠨ ᠪᠠᠶᠢᠭᠤᠯᠤᠨ ᠦᠷᠨᠢᠬᠦᠯᠵᠦ᠂ ᠰᠠᠭᠤᠭᠠᠯᠢ ᠠᠷᠠᠳ ᠢ ᠬᠦᠳᠦᠯᠦᠨ ᠵᠢᠯᠤᠭᠤᠳᠴᠦ ᠪᠠᠶᠢᠭᠠᠳ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠬᠦᠯᠵᠦ᠂ ᠬᠠᠤᠯᠢ ᠴᠠᠭᠠᠵᠠ ᠶᠢᠨ ᠰᠢᠯᠢᠳᠡᠭ ᠤᠷᠴᠢᠨ ᠢ ᠪᠦᠷᠢᠯᠳᠦᠭᠦᠯᠦᠨ᠎ᠠ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃       ︵ᠸᠠᠩ ᠰᠢᠤᠸᠠᠢ   ᠸᠠᠩ ᠫᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号