| ︽ᠪᠢ ᠠᠰᠠᠷ ᠤᠨ ᠲᠠᠷᠤᠭ᠎ᠠ ᠪᠠᠷ ᠰᠤᠩᠭᠤᠭᠳᠠᠭᠠᠳ ᠮᠠᠰᠢ ᠪᠠᠶᠠᠷᠲᠠᠢ ᠪᠠᠶᠢᠨ᠎ᠠ᠂ ᠬᠤᠶᠢᠰᠢᠳᠠ ᠨᠡᠩ ᠢᠯᠡᠭᠦᠦ | ᠴᠢᠷᠮᠠᠶᠢᠨ ᠠᠵᠢᠯᠯᠠᠵᠥ᠂ ᠰᠠᠶᠢᠨ ᠰᠠᠶᠢᠬᠠᠨ ᠭᠡᠷ ᠣᠷᠣᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠨ᠎ᠡ︾ | ᠭᠡᠵᠦ ᠤᠯᠠᠭᠠᠨᠬᠤᠳᠠ ᠶᠢᠨ ᠾᠧ ᠫᠢᠩ ᠵᠡᠭᠡᠯᠢ ᠶᠢᠨ ᠬᠤᠩ ᠶᠦᠨ ᠨᠡᠶᠢᠭᠡᠮ ᠲᠣᠭᠤᠷᠢᠭ ᠤᠨ ᠠᠰᠠᠷ ᠤᠨ ᠳᠠᠷᠤᠭ᠎ᠠ | ᠸᠠᠩ ᠵᠢᠶᠠᠨ ᠪᠠᠶᠠᠷᠲᠠᠢ ᠬᠡᠯᠡᠨ᠎ᠠ᠃ ᠠᠰᠠᠷ ᠤᠨ ᠳᠠᠷᠤᠭ᠎ᠠ ᠶᠢᠨ ᠲᠠᠭᠠᠭᠤᠯᠭ᠎ᠠ ᠪᠠᠷ᠂ ᠤᠯᠠᠭᠠᠨᠬᠤᠳᠠ ᠶᠢᠨ ᠰᠠᠭᠤᠭᠠᠯᠢ | ᠠᠷᠠᠳ ᠰᠠᠶᠢᠨ ᠳᠤᠷ᠎ᠠ ᠶᠢᠨ ᠥᠢᠯᠠᠴᠢᠯᠠᠬᠡᠨ ᠤ ᠠᠩᠬᠢ ᠳᠤ ᠢᠳᠡᠪᠬᠢᠲᠡᠢ ᠣᠷᠣᠯᠴᠠᠵᠤ ᠬᠠᠯᠠᠭᠤᠮᠰᠤᠭ ᠦᠢᠯᠡᠴᠢᠯᠡᠭᠡᠳ | ᠤᠯᠠᠨ ᠤ ᠬᠦᠷᠢᠶᠡᠯᠡᠯ ᠢ ᠤᠯᠵᠦ ᠪᠤᠢ᠃ | ᠨᠡᠶᠢᠭᠡᠮ ᠲᠤᠭᠤᠷᠢᠭ ᠨᠢ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠪᠤᠯᠤᠨ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠤᠨ ᠠᠴᠢᠶᠠᠯᠠᠬᠴᠢ ᠪᠤᠯᠬᠤ ᠶᠤᠮ᠃ ᠤᠶᠢᠷ᠎ᠠ ᠶᠢᠨ ᠵᠢᠯ ᠠᠴᠠ ᠨᠠᠭᠠᠰᠢ᠂ | ᠤᠯᠠᠭᠠᠨᠬᠤᠳᠠ ︽ᠨᠠᠮ ᠤᠨ ᠨᠠᠶᠢᠳᠠᠯᠭ᠎ᠠ ᠪᠠᠷ ᠲᠠᠨ ᠳᠤ ᠦᠢᠯᠡᠴᠢᠯᠡᠶ᠎ᠡ︾ ᠭᠡᠬᠦ ᠰᠠᠶᠢᠨ ᠲᠤᠷ᠎ᠠ ᠶᠢᠨ ᠦᠢᠯᠡᠴᠢᠯᠡᠭᠡᠨ ᠤ | ᠨᠡᠷᠡᠳᠦ ᠲᠡᠮᠳᠡᠭ ᠢ ᠡᠭᠦᠳᠴᠦ᠂ ᠡᠬᠦᠳᠡ ᠲᠤᠭᠰᠢᠬᠤ ᠠᠵᠢᠯᠯᠠᠭ᠎ᠠ᠂ ᠬᠤᠰᠢᠭᠤᠴᠢ ᠠᠵᠢᠯᠯᠠᠭ᠎ᠠ ᠵᠡᠷᠭᠡ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠤᠨ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠤ ᠵᠤᠪᠠᠨᠢᠵᠤ | ᠬᠦᠰᠡᠵᠤ ᠪᠠᠶᠢᠭ᠎ᠠ ᠠᠰᠠᠭᠤᠳᠠᠯ ᠢ ᠤᠨᠤᠴᠠᠳᠠᠢ ᠰᠶᠢᠳᠪᠦᠷᠢᠯᠡᠵᠦ᠂ ᠤᠯᠠᠨ ᠲᠦᠮᠡᠨ ᠲᠠᠢ ᠬᠠᠷᠢᠯᠴᠠᠬᠤ ︽ᠬᠠᠮᠤᠭ | ᠡᠴᠦᠰ ᠤᠨ ᠨᠢᠭᠡ ᠮᠧᠲᠷ︾ ᠵᠠᠢ ᠶᠢ ᠨᠡᠪᠳᠡᠷᠡᠬᠦᠯᠦᠭᠰᠡᠨ ᠪᠠᠶᠢᠨ᠎ᠠ᠃ ᠣᠲᠣᠬᠠᠨ ᠪᠣᠯᠲᠠᠯ᠎ᠠ᠂ ︽ᠨᠠᠮ ᠤᠨ | ᠨᠠᠶᠢᠳᠠᠯᠭ᠎ᠠ ᠪᠠᠷ ᠲᠠᠨ ᠳᠤ ᠦᠢᠯᠡᠴᠢᠯᠡᠶ᠎ᠡ︾ ᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠨᠡᠶᠢᠲᠡ 535 | ᠪᠠᠶᠢᠭᠤᠯᠵᠤ᠂ 4.2 ᠲᠦᠮᠡ ᠭᠠᠷᠤᠶ ᠰᠠᠶᠢᠨ ᠲᠤᠷ᠎ᠠ ᠶᠢᠨ ᠦᠢᠯᠡᠴᠢᠯᠡᠭᠴᠢ ᠶᠢ ᠬᠦᠮᠦᠵᠢᠭᠦᠯᠦᠨ᠂ ᠰᠠᠶᠢᠨ ᠲᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ 3960 ᠭᠠᠷᠤᠢ ᠤᠳᠠᠭ᠎ᠠ ᠥᠷᠨᠢᠭᠦᠯᠵᠥ᠂ ᠤᠯᠠᠨ ᠲᠦᠮᠡᠨ ᠤ ᠪᠤᠳᠠᠳᠠᠢ | ᠠᠰᠠᠭᠤᠳᠠᠯ ᠢ 2751 ᠬᠤᠪᠢ ᠰᠶᠢᠳᠪᠦᠷᠢᠯᠡᠵᠡᠢ᠃ ᠭᠤᠷᠪᠠᠨ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠬᠤ᠂ ᠬᠤᠶᠠᠷ ᠵᠦᠢᠯ ᠤᠨ ᠠᠵᠢᠯᠯᠠᠭ᠎ᠠ ᠦᠷᠨᠢᠬᠦᠯᠦᠨ ᠰᠠᠶᠢᠨ ᠲᠤᠷ᠎ᠠ ᠶᠢᠨ ᠥᠢᠯᠠᠴᠢᠯᠡᠬᠡᠨ ᠤ | ᠠᠩᠬᠢ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ᠂ ︿ᠵᠢᠷᠭᠤᠭ᠎ᠠ ᠶᠢ ᠪᠠᠶᠢᠭᠤᠯᠬᠤ﹀ ᠲᠠᠪᠴᠠᠩ ᠢ ᠪᠠᠶᠢᠭᠤᠯᠤᠨ | ᠰᠠᠶᠢᠨ ᠲᠤᠷ᠎ᠠ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠪᠠᠷ ᠭᠤᠤᠯ ᠠᠭᠤᠯᠭ᠎ᠠ ᠪᠤᠯᠭᠠᠭᠰᠠᠨ ︽ᠭᠤᠷᠪᠠ | ᠬᠤᠶᠠᠷ ᠵᠢᠷᠭᠤᠭ᠎ᠠ︾ ᠶᠢᠨ ᠠᠵᠢᠯ ᠤᠨ ᠵᠠᠭᠪᠤᠷ ᠢ ᠲᠡᠯᠭᠡᠷᠡᠭᠦᠯᠵᠦ᠂ ᠠᠷᠠᠳ ᠲᠦᠮᠡᠨ ᠳᠤ ᠢᠳᠡᠪᠬᠢᠳᠠᠢ ᠦᠢᠯᠡᠴᠢᠯᠡᠵᠦ | ᠂ ᠨᠡᠶᠢᠭᠡᠮ ᠲᠤᠭᠤᠷᠢᠭ ᠤᠨ ᠵᠠᠰᠠᠯᠳᠠ ᠶᠢᠨ ᠦᠷ᠎ᠠ ᠪᠦᠳᠦᠮᠵᠢ ᠶᠢ ᠲᠡᠭᠡᠭᠰᠢᠯᠡᠬᠦᠯᠥᠭᠰᠡᠨ ᠪᠠᠶᠢᠨ᠎ᠠ᠃ | ︵ᠭᠤᠤᠯᠴᠢ︶ |