| ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤᠨ ᠤ ᠪᠠᠶᠠᠨᠬᠤᠸᠠ ᠭᠠᠴᠠᠭ᠎ᠠ | ᠲᠠᠷᠢᠶ᠎ᠠ᠂ ᠪᠡᠯᠡ ᠮᠦᠩᠬᠦ᠂ ᠮᠠᠰᠢᠨ ᠮᠧᠬᠠᠨᠢᠭ ᠤᠨ ᠡᠬᠢ ᠪᠠᠶᠠᠯᠢᠭ ᠢᠶᠠᠨ ᠢᠳᠡᠪᠬᠢᠳᠠᠢ ᠨᠡᠶᠢᠳᠭᠡᠵᠤ᠂ ᠲᠠᠷᠢᠶ᠎ᠠ ᠶᠢ | ᠨᠠᠶᠢᠳᠠᠨ ᠬᠠᠮᠢᠶᠠᠷᠴᠤ᠂ ︽ᠤᠷᠤᠯᠠᠨ ᠲᠠᠷᠢᠵᠤ ᠬᠤᠷᠢᠶᠠᠬᠤ︾ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨ᠂ | ᠠᠷᠠᠳ ᠤᠨ ᠤᠷᠤᠯᠭ᠎ᠠ ᠶᠢ ᠨᠡᠮᠡᠭᠳᠡᠭᠦᠯᠵᠦ ᠪᠠᠶᠢᠨ᠎ᠠ᠃ | ᠤᠶᠢᠷ᠎ᠠ ᠶᠢᠨ ᠡᠳᠤᠷ᠂ ᠭᠡᠭᠡᠨᠰᠦ᠋ᠮ᠎ᠠ ᠪᠠᠯᠭᠠᠰᠤᠨ ᠤ ᠪᠠᠶᠠᠨᠬᠤᠸᠠ ᠭᠠᠴᠠᠭᠠᠨ ᠤ ᠨᠠᠮ ᠤᠨ ᠡᠬᠦᠷ ︽ᠲᠠᠷᠢᠶᠠᠯᠠᠩ | ᠠᠵᠤ ᠦᠢᠯᠡᠰ ᠤᠨ ᠬᠤᠯᠪᠤᠭᠠᠳᠤ ᠴᠤᠭᠴᠠ ᠶᠢᠨ ᠬᠤᠷᠰᠢᠶ᠎ᠠ︾ ᠶᠢᠨ ᠮᠠᠰᠢᠨ ᠢ ᠠᠪᠴᠢᠷᠠᠨ ᠭᠠᠴᠠᠭᠠᠨ ᠤ ᠪᠠᠨ ᠡᠷᠳᠡᠨᠢ | ᠰᠢᠰᠢ ᠶᠢ ᠬᠤᠷᠢᠶᠠᠵᠦ ᠪᠠᠶᠢᠯ᠎ᠠ᠃ ᠲᠤᠰ ᠬᠤᠷᠰᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ︽ᠤᠷᠤᠯᠠᠨ ᠲᠠᠷᠢᠵᠤ | ᠬᠤᠷᠢᠶᠠᠬᠤ︾ ᠨᠡᠶᠢᠭᠡᠮᠴᠢᠯᠡᠭᠰᠡᠨ ᠦᠢᠯᠡᠴᠢᠯᠡᠭᠡᠨ ᠦᠷᠨᠢᠬᠦᠯᠵᠦ᠂ ᠲᠠᠷᠢᠶᠠᠴᠢᠳ ᠲᠤ ᠲᠠᠷᠢᠬᠤ᠂ ᠰᠡᠷᠭᠡᠶᠢᠯᠡᠬᠦ᠂ | ᠬᠤᠷᠢᠶᠠᠬᠤ ᠦᠢᠯᠡᠴᠢᠯᠡᠭᠡ ᠬᠠᠩᠭᠠᠨ᠂ ᠲᠠᠷᠢᠶ᠎ᠠ ᠶᠢ ᠬᠡᠪᠴᠢᠶᠡᠵᠢᠭᠦᠯᠵᠦ ᠮᠧᠬᠠᠨᠢᠭᠵᠢᠭᠤᠯᠤᠭᠠᠳ ᠠᠮᠤ ᠪᠤᠳᠠᠭᠠᠨ ᠤ | ᠤᠨᠠᠯᠳᠠ ᠶᠢ ᠨᠡᠮᠡᠭᠳᠡᠬᠦᠯᠥᠭᠰᠡᠨ ᠢᠶᠠᠷ ᠪᠠᠷᠠᠬᠤ ᠦᠭᠡᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ᠂ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠲᠠᠷᠢᠶᠠᠯᠠᠩ ᠢ ᠤᠳᠤᠬᠢᠴᠢᠯᠠᠬᠤ ᠬᠠᠷᠠᠯᠳᠠ ᠳᠠᠭᠠᠨ ᠬᠦᠷᠴᠠᠢ᠃ | ᠤᠶᠢᠯᠠᠭᠠᠭᠰᠠᠨ ᠢᠶᠠᠷ᠂ ᠡᠨᠡ ᠵᠢᠯ ᠪᠠᠶᠠᠨᠬᠤᠸᠠ ᠭᠠᠴᠠᠭ᠎ᠠ 53 ᠡᠷᠤᠬᠡ ᠶᠢᠨ 6851 ᠮᠤ᠋ ᠲᠠᠷᠢᠶ᠎ᠠ ᠶᠢ | ᠨᠠᠶᠢᠳᠠᠨ ᠬᠠᠮᠢᠶᠠᠷᠴᠤ᠂ ᠬᠤᠷᠰᠢᠶ᠎ᠠ ᠠᠴᠠ 4611 ᠮᠤ᠋ ᠲᠠᠷᠢᠶᠠᠨ ᠳᠤ ︽ᠤᠷᠤᠯᠠᠨ ᠲᠠᠷᠢᠵᠤ ᠬᠤᠷᠢᠶᠠᠬᠤ︾ | ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠠᠢ᠃ ︵ᠴᠤᠯᠮᠤᠨ︶ |