| 11 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ | ᠬᠤᠷᠢᠶ᠎ᠠ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ | ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ | ᠠᠶᠠᠯᠭᠤᠳᠤ ᠥᠪᠥᠷ ᠮᠣᠩᠭᠤᠯ · ᠳᠠᠪᠠᠭᠠᠨ ᠳᠠᠬᠢ ᠬᠢᠩᠭᠠᠨ ᠠᠶᠢᠮᠠᠭ · ᠮᠥᠰᠥ ᠴᠠᠰᠤᠨ ᠤ ᠨᠠᠶᠢᠷ ᠤᠨ | ᠤᠯᠠᠭᠠᠨᠬᠤᠲᠠ︾ ᠭᠡᠬᠦ ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠠᠯ ᠤᠨ | ᠤᠯᠠᠷᠢᠯ ᠤᠨ ᠲᠠᠨᠢᠯᠴᠠᠭᠤᠯᠭ᠎ᠠ ᠶᠢᠨ ᠬᠤᠷᠠᠯ ᠵᠢᠴᠢ 2024 ᠣᠨ ᠤ ᠰᠢᠯᠢᠳᠡᠭ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠤᠨ ᠱᠠᠩᠨᠠᠯ ᠣᠯᠭᠤᠬᠤ ᠶᠣᠰᠣᠯᠠᠯ ᠬᠢᠩᠭᠠᠨ ᠠᠶᠢᠮᠠᠭ ᠤᠨ ᠸᠠᠨ ᠳ᠋ᠠ ᠲᠠᠯᠠᠪᠠᠶ ᠳᠤ ᠶᠠᠪᠤᠭᠳᠠᠪᠠ᠃ | ᠤᠯᠠᠭᠠᠨᠬᠤᠲᠠ ᠶᠢᠨ ᠤᠳᠤᠷᠢᠳᠤᠯᠭ᠎ᠠ ᠮᠠ ᠱᠦ ᠭᠠᠩ᠂ ᠸᠠᠩ ᠮᠢᠩ ᠶᠠᠩ ᠲᠤᠰ ᠤᠳᠠᠭᠠᠨ ᠤ ᠠᠵᠢᠯᠯᠠᠭ᠎ᠠ ᠳᠤ | ᠣᠷᠣᠯᠴᠠᠪᠠ᠃ | ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ | ᠱᠦ ᠭᠠᠩ ᠲᠤᠰ ᠤᠳᠠᠭᠠᠨ ᠤ ᠠᠵᠢᠯᠯᠠᠭ᠎ᠠ ᠳᠤ ᠪᠠᠶᠠᠷ ᠤᠨ ᠦᠭᠡ ᠬᠡᠯᠡᠵᠡᠶ᠃ ᠠᠵᠢᠯᠯᠠᠭ᠎ᠠ ᠨᠢ ᠤᠯᠠᠭᠠᠨᠬᠤᠲᠠ ᠶᠢᠨ | ᠰᠣᠶᠣᠯ ᠵᠢᠭᠤᠯᠴᠢᠯᠠᠯ ᠰᠣᠶᠣᠯ ᠤᠨ ᠪᠦᠲᠦᠭᠡᠯᠴᠢ ᠬᠦᠷᠢᠶ᠎ᠡ ᠴᠠᠷᠠᠭ᠎ᠠ᠂ ᠵᠢᠭᠤᠯᠴᠢᠯᠠᠯ ᠤᠨ ᠬᠤᠨᠤᠭᠯᠠᠬᠤ ᠬᠦᠷᠢᠶ᠎ᠡ | ᠴᠠᠷᠠᠭ᠎ᠠ᠂ ᠵᠢᠭᠤᠯᠴᠢᠯᠠᠯ ᠤᠨ ᠠᠮᠲᠠᠲᠤ ᠢᠳᠡᠭᠡᠨ ᠤ ᠬᠦᠷᠢᠶᠡᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ | ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠬᠤ ᠶᠢᠨ ᠬᠠᠮᠲᠤ 2024 ᠣᠨ ᠤ ᠤᠯᠠᠭᠠᠨᠬᠤᠲᠠ ᠶᠢᠨ ︽ᠠᠮᠳᠠᠳᠤ | ᠢᠳᠡᠭᠡᠨ ᠤ ᠠᠷᠪᠠᠨ ᠶᠡᠭᠡ ᠨᠡᠷᠡᠰ ᠤᠨ ᠵᠢᠭᠰᠠᠭᠠᠯᠳᠠ︾ ︽ᠠᠷᠪᠠᠨ ᠰᠢᠯᠢᠳᠡᠭ ᠵᠢᠭᠤᠯᠴᠢᠯᠠᠯ ᠤᠨ ᠲᠠᠸᠠᠷ︾᠂ ︽ | ᠰᠣᠶᠣᠯ ᠵᠢᠭᠤᠯᠴᠢᠯᠠᠯ ᠤᠨ ᠰᠢᠯᠢᠳᠡᠭ ᠠᠵᠤ ᠠᠬᠤᠶᠢᠯᠠᠯ︾ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠤᠯᠠᠭᠠᠨᠬᠤᠲᠠ ᠶᠢᠨ ᠥᠪᠡᠷᠮᠢᠴᠡ ᠡᠪᠦᠯ ᠤᠨ ᠤᠯᠠᠷᠢᠯ ᠤᠨ | ᠵᠢᠭᠤᠯᠴᠢᠯᠠᠯ ᠤᠨ ᠡᠬᠢ ᠪᠠᠶᠠᠯᠢᠭ ᠤᠨ ᠲᠤᠬᠠᠶ ᠨᠠᠷᠢᠨ ᠲᠠᠶᠢᠯᠤᠮᠵᠢ ᠪᠠ ᠲᠠᠨᠢᠯᠴᠠᠭᠤᠯᠭ᠎ᠠ ᠬᠢᠵᠦ᠂ ᠤᠯᠠᠭᠠᠨᠬᠤᠲᠠ ᠶᠢᠨ | ᠮᠥᠰᠥ ᠴᠠᠰᠤᠨ ᠤ ᠵᠢᠭᠤᠯᠴᠢᠯᠠᠯ ᠤᠨ ᠨᠠᠷᠠᠲᠤ ᠲᠡᠮᠳᠡᠭ ᠢ ᠤᠯᠠᠮ ᠨᠢᠭᠡ ᠠᠯᠬᠤᠮ ᠴᠤᠤᠷᠢᠶᠠᠳᠤᠭᠤᠯᠵᠤ᠂ ᠡᠪᠦᠯ ᠤᠨ | ᠤᠯᠠᠷᠢᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ᠃ | |