| | ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠵᠤ᠂ ᠤᠯᠠᠭᠠᠨᠬᠤᠲᠠ ᠶᠢᠨ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠤ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠬᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ 10 ᠰᠠᠷ᠎ᠠ ᠶᠢᠨ | ᠳᠤᠮᠳᠠᠴᠢ ᠠᠴᠠ 11 ᠰᠠᠷ᠎ᠠ ᠶᠢᠨ ᠡᠬᠢ ᠪᠣᠯᠲᠠᠯ᠎ᠠ᠂ ᠤᠯᠠᠭᠠᠨᠬᠤᠲᠠ ᠶᠢᠨ ᠪᠠᠭᠰᠢ ᠶᠢᠨ ᠬᠥᠭᠵᠢᠯᠲᠡ ᠶᠢᠨ ᠲᠥᠪ ᠠᠴᠠ | ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠢ ᠵᠣᠬᠢᠶᠠᠨ | ᠪᠠᠶᠢᠭᠤᠯᠤᠨ ︽ᠬᠢᠴᠢᠶᠡᠯ ᠢ ᠬᠥᠳᠡᠭᠡ ᠳᠤ ᠬᠦᠷᠭᠡᠬᠦ︾ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ | ᠠᠵᠢᠯᠯᠠᠭ᠎ᠠ ᠨᠢ ᠤᠯᠠᠭᠠᠨᠬᠤᠲᠠ ᠶᠢᠨ ᠬᠠᠷᠢᠶᠠᠨ ᠳᠠᠬᠢ 15 ᠬᠥᠳᠡᠭᠡ ᠲᠣᠰᠬᠤᠨ ᠤ ᠬᠡᠤᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ᠂ ᠳᠤᠮᠳᠠᠳᠤ ᠰᠤᠷᠭᠠᠭᠤᠯᠢ ᠳᠤ ᠪᠥᠷᠭᠦᠪᠡ᠃ | ᠬᠢᠴᠢᠶᠡᠯ ᠬᠦᠷᠭᠡᠬᠦ ᠪᠠᠭᠰᠢ ᠨᠠᠷ ᠠᠴᠠ ᠬᠥᠳᠡᠭᠡ ᠲᠣᠰᠬᠤᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠪᠣᠳᠠᠲᠥ ᠪᠠᠶᠢᠳᠡᠯ ᠲᠠᠢ ᠤᠶᠠᠯᠳᠤᠭᠤᠯᠤᠨ᠂ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ︽ᠵᠢᠭᠠᠨ ᠰᠤᠷᠭᠠᠯᠲᠠ ᠶᠢᠨ ᠦᠨᠡᠯᠡᠯᠲᠡ︾ ᠶᠢᠨ ᠨᠢᠭᠡᠳᠦᠯᠲᠦ ᠴᠢᠨᠠᠷᠲᠠᠶ ᠵᠢᠭᠠᠨ ᠰᠤᠷᠭᠠᠯᠲᠠ ᠶᠢᠨ | ᠣᠨᠣᠯᠵᠢᠬᠤᠨ ᠢ ᠵᠢᠷᠤᠮᠯᠠᠨ᠂ ᠦᠨᠡᠨ ᠪᠣᠳᠠᠲᠠᠶ ᠣᠷᠴᠢᠨ ᠠᠬᠤᠶ ᠶᠢ ᠪᠣᠶ ᠪᠣᠯᠭᠠᠵᠤ᠂ ᠰᠤᠷᠤᠯᠴᠠᠬᠤ ᠬᠠᠷᠠᠯᠲᠠ ᠶᠢ | ᠨᠠᠶᠢᠳᠠᠪᠤᠷᠢᠵᠢᠭᠤᠯᠤᠨ᠂ ᠰᠤᠷᠤᠬᠴᠢᠳ ᠲᠤ ᠬᠢᠴᠢᠶᠡᠯ ᠲᠥᠷᠥᠯ ᠤᠨ ᠮᠡᠳᠡᠯᠭᠡ ᠶᠢ ᠤᠯᠠᠮᠵᠢᠯᠠᠬᠰᠠᠨ ᠢᠶᠠᠷ ᠪᠠᠷᠠᠬᠤ | ᠥᠬᠡᠶ ᠨᠠᠩ ᠴᠤ ᠰᠤᠷᠤᠭᠴᠢᠳ ᠤᠨ ᠰᠡᠳᠭᠢᠬᠦ ᠴᠢᠳᠠᠪᠤᠷᠢ ᠶᠢ ᠬᠥᠮᠦᠵᠢᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠬᠥᠳᠡᠭᠡ ᠲᠣᠰᠬᠤᠨ ᠤ ᠰᠤᠷᠭᠠᠭᠤᠯᠢ ᠳᠤ ᠰᠢᠯᠢᠳᠡᠭ ᠰᠠᠶᠢᠨ ᠵᠢᠭᠠᠨ | ᠰᠤᠷᠭᠠᠯᠲᠠ ᠶᠢᠨ ᠡᠬᠢ ᠪᠠᠶᠠᠯᠢᠭ ᠢ ᠬᠠᠨᠭ᠍ᠭᠠᠬᠰᠠᠨ ᠢᠶᠠᠷ ᠪᠠᠷᠠᠬᠤ ᠥᠬᠡᠶ᠂ ᠪᠠᠰᠠ ᠬᠤᠲᠠ ᠬᠥᠳᠡᠭᠡ ᠶᠢᠨ ᠪᠠᠭᠰᠢ | ᠨᠠᠷ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠭᠰᠠᠨ ᠪᠠᠶᠢᠨ᠎ᠠ᠃ | ︵ᠯᠢᠶᠠᠨ ᠪᠤᠤ︶ |