ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠳᠤᠷ ᠰᠤᠷᠤᠯᠴᠠᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/19
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠣᠯᠠᠨ ᠪᠠᠭᠰᠢ ᠠᠵᠢᠯᠲᠠᠨ ᠳᠤ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ ᠤᠶᠢᠷ᠎ᠠ ᠶᠢᠨ ᠡᠳᠦᠷ᠂ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃     ᠰᠤᠷᠭᠠᠭᠤᠯᠢ ᠶᠢᠨ ᠤᠯᠤᠰ ᠲᠦᠷᠦ ᠶᠢᠨ ᠲᠠᠰᠤᠭ ᠤᠨ ᠪᠠᠢ ᠢᠦᠢ ᠯᠦᠩ ᠪᠠᠭᠰᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠠᠭᠰᠢ ᠠᠵᠢᠯᠳᠠᠨ ᠳᠤ ᠤᠬᠠᠭᠤᠯᠤᠨ ᠲᠠᠶᠢᠯᠪᠤᠷᠢᠯᠠᠵᠤ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠣᠨ ᠵᠣᠷᠢᠭ ᠰᠠᠨᠠᠭᠠᠨ ᠤ ᠮᠥᠨ ᠴᠢᠨᠠᠷ ᠢ ᠲᠤᠳᠤᠷᠬᠠᠢ ᠦᠬᠦᠯᠡᠵᠠᠢ᠃ ᠲᠡᠷᠡ ᠪᠠᠰᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠵᠡᠷᠭᠡ ᠲᠠᠯ᠎ᠠ ᠪᠠᠷ ᠣᠨᠴᠠᠭᠠᠶᠢᠯᠠᠨ ᠲᠠᠶᠢᠯᠪᠤᠷᠢᠯᠠᠪᠠ᠃     ᠲᠤᠰ ᠤᠳᠠᠭ᠎ᠠ ᠪᠦᠬᠦ ᠰᠤᠷᠭᠠᠭᠤᠯᠢ ᠶᠢᠨ ᠪᠠᠭᠰᠢ ᠠᠵᠢᠯᠲᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠲᠡᠳᠡᠨ ᠤ ᠤᠯᠠᠮ ᠴᠢᠨᠠᠬᠰᠢᠳᠠ ᠰᠤᠷᠤᠯᠴᠠᠬᠤ ᠬᠠᠯᠠᠭᠤᠨ ᠰᠡᠳᠭᠢᠯᠭᠡ ᠪᠠ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃   ︵ᠯᠢ ᠲᠤᠶᠠᠭ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号