| ᠪᠠᠭᠰᠢ ᠰᠤᠷᠤᠭᠴᠢᠳ ᠤᠨ ᠭᠠᠯ ᠢ ᠰᠡᠷᠭᠡᠶᠢᠯᠡᠬᠦ ᠤᠬᠠᠮᠰᠠᠷ ᠪᠤᠯᠤᠨ ᠦᠪᠡᠷ ᠢ ᠪᠠᠨ ᠠᠪᠤᠷᠠᠬᠤ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠢ ᠰᠡᠷᠭᠡᠶᠢᠯᠡᠵᠦ᠂ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠶᠢ | ᠪᠠᠶᠢᠭᠤᠯᠬᠤ ᠪᠠᠷ 11 ᠰᠠᠷ᠎ᠠ ᠶᠢᠨ 8 ᠤ ᠡᠳᠦᠷ᠂ ᠤᠯᠠᠭᠠᠨᠬᠤᠲᠠ ᠬᠤᠶᠠᠳᠤᠭᠠᠷ ᠳᠤᠮᠳᠠᠲᠦ ᠰᠤᠷᠭᠠᠭᠤᠯᠢ ᠭᠠᠯ ᠢ | ᠰᠡᠷᠭᠡᠶᠢᠯᠡᠬᠦ ᠰᠤᠷᠢᠯᠲᠠ ᠬᠢᠵᠠᠢ᠃ | ᠶᠠᠭᠤᠨ ᠤ ᠡᠮᠦᠨ᠎ᠠ ᠭᠠᠯ ᠰᠡᠷᠭᠡᠶᠢᠯᠡᠵᠦ ᠤᠨᠳᠠᠷᠠᠭᠠᠬᠤ ᠰᠤᠷᠢᠯᠲᠠ ᠶᠢᠨ ᠠᠵᠢᠯᠯᠠᠭᠠᠨ ᠤ ᠤᠬᠠᠭᠤᠯᠤᠭᠴᠢ | ᠭᠡᠨᠡᠳᠲᠡ ᠶᠢᠨ ᠠᠶᠤᠯ ᠢ ᠠᠷᠭᠠᠴᠠᠭᠠᠬᠤ ᠲᠤᠬᠠᠢ ᠬᠠᠮᠢᠶ᠎ᠠ ᠪᠦᠬᠦᠢ ᠮᠡᠳᠡᠯᠭᠡ ᠪᠤᠯᠤᠨ ᠠᠩᠬᠠᠷᠬᠤ ᠵᠦᠢᠯ ᠢ | ᠲᠠᠶᠢᠯᠪᠤᠷᠢᠯᠠᠵᠠᠢ᠃ ᠲᠠᠷᠠᠭ᠎ᠠ ᠳᠤᠨᠢ ᠰᠡᠷᠡᠮᠵᠢ ᠶᠢᠨ ᠬᠤᠨᠭ᠍ᠬᠤ ᠶᠢ ᠲᠤᠤᠭᠠᠷᠭᠠᠵᠦ ᠬᠢᠴᠢᠶᠡᠯᠯᠡᠵᠦ ᠪᠠᠶᠢᠭᠰᠠᠨ ᠪᠠᠭᠰᠢ | ᠰᠤᠷᠤᠭᠴᠢᠳ ᠢ ᠡᠮᠬᠢ ᠴᠡᠭᠴᠡᠲᠡᠢ ᠠᠮᠤᠷ ᠲᠦᠪᠰᠢᠨ ᠢᠶᠠᠷ ᠲᠤᠬᠳᠠᠬᠰᠠᠨ ᠭᠠᠵᠠᠷ ᠲᠤ ᠴᠤᠬᠯᠠᠷᠠᠭᠤᠯᠤᠨ | ᠰᠤᠷᠢᠯᠲᠠ ᠪᠠᠨ ᠠᠯᠬᠤᠮ ᠲᠠᠷᠠᠭ᠎ᠠ ᠲᠠᠢ ᠶᠠᠪᠤᠬᠳᠠᠭᠤᠯᠵᠠᠢ᠃ | ᠰᠤᠷᠢᠯᠲᠠ ᠶᠢᠨ ᠳᠠᠷᠠᠭ᠎ᠠ ᠰᠤᠷᠭᠠᠭᠤᠯᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠰᠤᠷᠢᠯᠲᠠ ᠶᠢᠨ ᠠᠵᠢᠯᠯᠠᠭᠠᠨ ᠤ | ᠶᠡᠷᠦᠩᠬᠡᠢ ᠬᠠᠮᠢᠶᠠᠷᠤᠭᠴᠢ ᠭᠠᠯ ᠢ ᠰᠡᠷᠭᠡᠶᠢᠯᠡᠵᠦ ᠠᠮᠤᠷ ᠲᠦᠪᠰᠢᠨ ᠢ ᠪᠠᠳᠤᠯᠠᠬᠤ ᠲᠤᠬᠠᠢ ᠪᠠᠭᠰᠢ ᠰᠤᠷᠤᠭᠴᠢᠳ ᠲᠤ | ᠬᠢᠴᠢᠶᠡᠯ ᠣᠷᠤᠵᠤ᠂ ᠭᠠᠯ ᠤᠨ ᠠᠶᠤᠯ ᠠᠴᠠ ᠵᠢᠭᠤᠳᠠᠬᠤ ᠤᠷ᠎ᠠ ᠮᠡᠷᠭᠡᠵᠢᠯ ᠤᠯᠠᠮᠵᠢᠯᠠᠵᠠᠢ᠃ ᠪᠠᠰᠠ ᠦᠪᠡᠷ ᠢ ᠪᠠᠨ | ᠬᠡᠷᠬᠢᠨ ᠠᠪᠤᠷᠠᠬᠤ᠂ ᠭᠠᠯ ᠰᠡᠷᠭᠡᠶᠢᠯᠡᠵᠤ ᠤᠨᠲᠠᠷᠠᠭᠠᠬᠤ ᠲᠤᠨᠤᠬ ᠲᠥᠭᠦᠬᠡᠷᠤᠮᠵᠢ ᠶᠢ ᠬᠡᠷᠬᠢᠨ ᠬᠡᠷᠡᠭᠯᠡᠬᠦ᠂ ᠭᠠᠯ ᠤᠨ | ᠠᠶᠤᠯ ᠠᠴᠠ ᠬᠡᠷᠬᠢᠨ ᠠᠮᠤᠷ ᠲᠦᠪᠰᠢᠨ ᠢᠶᠠᠷ ᠵᠠᠶᠢᠯᠠᠬᠤ ᠲᠤᠬᠠᠢ ᠨᠠᠷᠢᠨ ᠲᠤᠳᠤᠷᠬᠠᠢ ᠲᠠᠶᠢᠯᠪᠤᠷᠢᠯᠠᠵᠤ᠂ ᠪᠠᠭᠰᠢ | ᠰᠤᠷᠤᠭᠴᠢᠳ ᠤᠨ ᠭᠠᠯ ᠢ ᠰᠡᠷᠭᠡᠶᠢᠯᠡᠬᠦ ᠦᠵᠡᠯ ᠤᠬᠠᠮᠰᠠᠷ ᠪᠠ ᠪᠠᠴᠢᠮ ᠪᠠᠶᠢᠳᠡᠯ ᠢ ᠠᠷᠭᠠᠴᠠᠭᠠᠬᠤ ᠴᠢᠳᠠᠪᠤᠷᠢ ᠶᠢ | ᠦᠨᠡᠨᠬᠦ ᠳᠡᠭᠡᠭᠰᠢᠯᠡᠬᠦᠯᠵᠠᠢ᠃ | | | | | ᠹᠦ᠋ ᠹᠦ᠋ ᠰᠡᠭᠦᠳᠡᠷᠯᠡᠡ ᠮᠡᠳᠡᠭᠡᠯᠡᠪᠠ |