ᠤᠯᠠᠭᠠᠨᠬᠤᠲᠠ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠤᠨ ᠲᠠᠨᠢᠯᠴᠠᠭᠤᠯᠭ᠎ᠠ ᠶᠢᠨ ᠬᠤᠷᠠᠯ ᠵᠢᠴᠢ 2024 ᠣᠨ ᠤ ᠰᠢᠯᠢᠳᠡᠭ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ ᠱᠠᠩᠨᠠᠯ ᠣᠯᠭᠤᠬᠤ ᠶᠣᠰᠣᠯᠠᠯ ᠶᠠᠪᠤᠬᠳᠠᠭᠤᠯᠵᠠᠢ
ᠨᠡᠶᠢᠲᠡᠯᠡᠭᠰᠡᠨ ᠴᠠᠭ᠄
2024/11/19
 11 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶ᠎ᠠ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ᠠᠶᠠᠯᠭᠤᠳᠤ ᠥᠪᠥᠷ ᠮᠣᠩᠭᠤᠯ · ᠳᠠᠪᠠᠭᠠᠨ ᠳᠠᠬᠢ ᠬᠢᠩᠭᠠᠨ ᠠᠶᠢᠮᠠᠭ · ᠮᠥᠰᠥ ᠴᠠᠰᠤᠨ ᠤ ᠨᠠᠶᠢᠷ ᠤᠨ ᠤᠯᠠᠭᠠᠨᠬᠤᠲᠠ︾ ᠭᠡᠬᠦ ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠤᠨ ᠲᠠᠨᠢᠯᠴᠠᠭᠤᠯᠭ᠎ᠠ ᠶᠢᠨ ᠬᠤᠷᠠᠯ ᠵᠢᠴᠢ 2024 ᠣᠨ ᠤ ᠰᠢᠯᠢᠳᠡᠭ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠱᠠᠩᠨᠠᠯ ᠣᠯᠭᠤᠬᠤ ᠶᠣᠰᠣᠯᠠᠯ ᠬᠢᠩᠭᠠᠨ ᠠᠶᠢᠮᠠᠭ ᠤᠨ ᠸᠠᠨ ᠳ᠋ᠠ ᠲᠠᠯᠠᠪᠠᠶ ᠳᠤ ᠶᠠᠪᠤᠭᠳᠠᠪᠠ᠃ ᠤᠯᠠᠭᠠᠨᠬᠤᠲᠠ ᠶᠢᠨ ᠤᠳᠤᠷᠢᠳᠤᠯᠭ᠎ᠠ ᠮᠠ ᠱᠦ ᠭᠠᠩ᠂ ᠸᠠᠩ ᠮᠢᠩ ᠶᠠᠩ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃     ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠦ ᠭᠠᠩ ᠲᠤᠰ ᠤᠳᠠᠭᠠᠨ ᠤ ᠠᠵᠢᠯᠯᠠᠭ᠎ᠠ ᠳᠤ ᠪᠠᠶᠠᠷ ᠤᠨ ᠦᠭᠡ ᠬᠡᠯᠡᠵᠡᠶ᠃ ᠠᠵᠢᠯᠯᠠᠭ᠎ᠠ ᠨᠢ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠰᠣᠶᠣᠯ ᠤᠨ ᠪᠦᠲᠦᠭᠡᠯᠴᠢ ᠬᠦᠷᠢᠶ᠎ᠡ ᠴᠠᠷᠠᠭ᠎ᠠ᠂ ᠵᠢᠭᠤᠯᠴᠢᠯᠠᠯ ᠤᠨ ᠬᠤᠨᠤᠭᠯᠠᠬᠤ ᠬᠦᠷᠢᠶ᠎ᠡ ᠴᠠᠷᠠᠭ᠎ᠠ᠂ ᠵᠢᠭᠤᠯᠴᠢᠯᠠᠯ ᠤᠨ ᠠᠮᠲᠠᠲᠤ ᠢᠳᠡᠭᠡᠨ ᠤ ᠬᠦᠷᠢᠶᠡᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠬᠤ ᠶᠢᠨ ᠬᠠᠮᠲᠤ 2024 ᠣᠨ ᠤ ᠤᠯᠠᠭᠠᠨᠬᠤᠲᠠ ᠶᠢᠨ  ︽ᠠᠮᠳᠠᠳᠤ ᠢᠳᠡᠭᠡᠨ ᠤ ᠠᠷᠪᠠᠨ ᠶᠡᠭᠡ ᠨᠡᠷᠡᠰ ᠤᠨ ᠵᠢᠭᠰᠠᠭᠠᠯᠳᠠ︾ ︽ᠠᠷᠪᠠᠨ ᠰᠢᠯᠢᠳᠡᠭ ᠵᠢᠭᠤᠯᠴᠢᠯᠠᠯ ᠤᠨ ᠲᠠᠸᠠᠷ︾᠂ ︽ᠰᠣᠶᠣᠯ ᠵᠢᠭᠤᠯᠴᠢᠯᠠᠯ ᠤᠨ ᠰᠢᠯᠢᠳᠡᠭ ᠠᠵᠤ ᠠᠬᠤᠶᠢᠯᠠᠯ︾ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠤᠯᠠᠭᠠᠨᠬᠤᠲᠠ ᠶᠢᠨ ᠥᠪᠡᠷᠮᠢᠴᠡ ᠡᠪᠦᠯ ᠤᠨ ᠤᠯᠠᠷᠢᠯ ᠤᠨ  ᠵᠢᠭᠤᠯᠴᠢᠯᠠᠯ ᠤᠨ ᠡᠬᠢ ᠪᠠᠶᠠᠯᠢᠭ ᠤᠨ ᠲᠤᠬᠠᠶ ᠨᠠᠷᠢᠨ ᠲᠠᠶᠢᠯᠤᠮᠵᠢ ᠪᠠ ᠲᠠᠨᠢᠯᠴᠠᠭᠤᠯᠭ᠎ᠠ ᠬᠢᠵᠦ᠂ ᠤᠯᠠᠭᠠᠨᠬᠤᠲᠠ ᠶᠢᠨ ᠮᠥᠰᠥ ᠴᠠᠰᠤᠨ ᠤ ᠵᠢᠭᠤᠯᠴᠢᠯᠠᠯ ᠤᠨ ᠨᠠᠷᠠᠲᠤ ᠲᠡᠮᠳᠡᠭ ᠢ ᠤᠯᠠᠮ ᠨᠢᠭᠡ ᠠᠯᠬᠤᠮ ᠴᠤᠤᠷᠢᠶᠠᠳᠤᠭᠤᠯᠵᠤ᠂ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号