ᠤᠯᠠᠭᠠᠨᠬᠤᠳᠠ ᠶᠢᠨ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ ᠶᠢᠨ ᠱᠸᠡᠭᠯᠢ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠰᠢᠬᠢᠷ ᠰᠢᠵᠢᠩ ᠡᠪᠡᠳᠴᠢᠨ ᠢ ᠰᠡᠷᠭᠡᠶᠢᠯᠡᠬᠦ ᠳᠠᠶᠢᠯᠤᠮᠵᠢ ᠬᠢᠪᠡ
ᠨᠡᠶᠢᠲᠡᠯᠡᠭᠰᠡᠨ ᠴᠠᠭ᠄
2024/11/19
      2024 ᠤᠨ ᠤ ︽ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠶᠢᠨ ᠰᠢᠬᠢᠷ ᠰᠢᠵᠢᠩ ᠡᠪᠡᠳᠴᠢᠨ ᠢ ᠰᠡᠷᠬᠡᠶᠢᠯᠡᠬᠦ ᠡᠳᠦᠷ︾ ᠲᠤ ᠴᠢᠭᠯᠡᠬᠦᠯᠤᠨ ᠤᠯᠠᠭᠠᠨᠬᠤᠳᠠ ᠶᠢᠨ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ ᠶᠢᠨ ᠱᠸᠡᠭᠯᠢ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ︽ᠰᠢᠬᠢᠷ ᠰᠢᠵᠢᠩ ᠡᠪᠡᠳᠴᠢᠨ ᠢ ᠰᠡᠷᠭᠡᠶᠢᠯᠡᠬᠦ ᠡᠷᠡᠬᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠬᠦᠯᠬᠦ︾ ᠳᠤᠰᠬᠠᠢ ᠰᠡᠳᠦᠪᠳᠦ ᠳᠠᠶᠢᠯᠤᠮᠵᠢ ᠬᠢᠭᠰᠡᠨ ᠪᠠᠶᠢᠨ᠎ᠠ᠃      ᠤᠯᠠᠭᠠᠨᠬᠤᠳᠠ ᠶᠢᠨ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ ᠶᠢᠨ ᠳᠤᠳᠤᠭᠠᠳᠦ ᠱᠦᠬᠦᠷᠠᠯ ᠤᠨ ᠰᠠᠯᠠᠭ᠎ᠠ ᠶᠢᠨ ᠡᠷᠬᠢᠯᠡᠭᠴᠢ ᠠᠴᠠ ᠰᠢᠬᠢᠷ ᠰᠢᠵᠢᠩ ᠡᠪᠡᠳᠴᠢᠨ ᠡᠬᠦᠰᠬᠦ ᠰᠢᠯᠳᠠᠭᠠᠨ᠂ ᠡᠪᠡᠳᠴᠢᠨ ᠤ ᠤᠨᠴᠠᠯᠢᠬ ᠰᠢᠨᠵᠢ ᠵᠢᠴᠢ ᠤᠷᠢᠳᠴᠢᠯᠡᠨ ᠰᠡᠷᠭᠡᠶᠢᠯᠡᠬᠦ ᠠᠷᠭ᠎ᠠ ᠠᠪᠴᠠᠯ ᠵᠡᠷᠭᠡ ᠲᠠᠯ᠎ᠠ ᠠᠴᠠ ᠭᠠᠷᠳᠠᠨ ᠰᠢᠬᠢᠷ ᠰᠢᠵᠢᠩ ᠡᠪᠡᠳᠴᠢᠨ ᠤ ᠪᠠᠶᠢᠳᠡᠯ ᠢ ᠨᠡᠶᠢᠭᠡᠮ ᠳᠤᠭᠤᠷᠢᠬ ᠤᠨ ᠰᠠᠭᠤᠭᠠᠯᠢ ᠠᠷᠠᠳ ᠲᠤ ᠳᠠᠨᠢᠯᠴᠠᠭᠤᠯᠤᠨ᠂ ᠡᠷᠡᠬᠦᠯ ᠴᠢᠬᠢᠷᠠᠬ ᠠᠮᠢᠳᠤᠷᠠᠯ ᠤᠨ ᠠᠷᠭ᠎ᠠ ᠠᠪᠴᠠᠯ ᠤᠨ ᠴᠢᠬᠤᠯᠠ ᠴᠢᠨᠠᠷ ᠢ ᠦᠬᠦᠯᠡᠭᠰᠡᠨ ᠪᠠᠶᠢᠯ᠎ᠠ᠃ ᠤᠨᠴᠠᠭᠠᠶᠢᠯᠠᠨ ᠨᠠᠰᠤᠳᠠᠶᠢᠴᠤᠳ ᠤᠨ ᠪᠠᠶᠢᠳᠡᠯ ᠳᠤ ᠴᠢᠭᠯᠡᠬᠦᠯᠤᠨ ᠰᠢᠬᠢᠷ ᠰᠢᠵᠢᠩ ᠡᠪᠡᠳᠴᠢᠨ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠮᠡᠳᠡᠯᠭᠡ ᠶᠢ ᠤᠯᠠᠮᠵᠢᠯᠠᠵᠦ᠂ ᠪᠡᠶ᠎ᠠ ᠮᠠᠬᠠᠪᠤᠳ ᠢᠶᠠᠨ ᠪᠤᠯᠪᠠᠰᠤᠷᠠᠭᠤᠯᠵᠦ᠂ ᠢᠳᠡᠭᠡᠨ ᠤᠮᠳᠠᠭᠠᠨ ᠢᠶᠠᠨ ᠵᠦᠢ ᠵᠤᠬᠢᠰᠳᠠᠢ ᠳᠤᠬᠢᠷᠠᠭᠤᠯᠬᠤ ᠶᠢ ᠰᠠᠨᠠᠭᠤᠯᠪᠠ᠃                                   ᠠᠷᠢᠭᠤᠨ ᠮᠡᠳᠡᠭᠡᠯᠡᠪᠡ   
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号