ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ 2025 ᠰᠤᠷᠤᠯᠭ᠎ᠠ ᠶᠢᠨ ᠤᠨ ᠤ ︽ᠪᠠᠭᠰᠢ ᠱᠠᠪᠢ ᠶᠢᠨ ᠪᠠᠷᠢᠯᠳᠤᠯᠭ᠎ᠠ︾ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/11/19
     ᠰᠤᠷᠭᠠᠭᠤᠯᠢ ᠶᠢᠨ ᠭᠤᠣᠯᠯᠠᠭᠴᠢ ᠪᠠᠭᠰᠢ ᠶᠢᠨ ᠬᠦᠳᠦᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠠᠯᠠᠭᠤ ᠪᠠᠭᠰᠢ ᠨᠠᠷ ᠢ ᠡᠷᠡᠭᠦᠯ ᠰᠠᠷᠠᠭᠤᠯ ᠢᠶᠠᠷ ᠬᠦᠮᠤᠵᠢᠬᠦᠯᠤᠨ ᠪᠤᠯᠪᠠᠰᠤᠷᠠᠭᠤᠯᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ 2025 ᠰᠤᠷᠤᠯᠭ᠎ᠠ ᠶᠢᠨ ᠣᠨ ᠤ ︽ᠪᠠᠭᠰᠢ ᠱᠠᠪᠢ ᠶᠢᠨ ᠪᠠᠷᠢᠯᠳᠤᠯᠭ᠎ᠠ︾ ᠶᠢᠨ ᠶᠣᠰᠣᠯᠠᠯ ᠶᠠᠪᠤᠭᠤᠯᠪᠠ᠃     ᠲᠤᠰ ᠰᠤᠷᠭᠠᠭᠤᠯᠢ ᠶᠢᠨ ᠶᠠᠪᠤᠬᠳᠠᠭᠤᠯᠵᠦ ᠪᠠᠶᠢᠭ᠎ᠠ ︽ᠪᠠᠭᠰᠢ ᠱᠠᠪᠢ ᠶᠢᠨ ᠪᠠᠷᠢᠯᠳᠤᠯᠭ᠎ᠠ︾ ᠶᠢᠨ ᠶᠤᠰᠤᠯᠠᠯ ᠨᠢ ᠰᠢᠨ᠎ᠡ ᠪᠠᠭᠰᠢ ᠨᠡᠷ ᠢ ᠬᠠᠪᠰᠤᠷᠤᠨ ᠵᠢᠭᠠᠨ ᠰᠤᠷᠭᠠᠯᠳᠠ ᠶᠢᠨ ᠰᠢᠨ᠎ᠡ ᠣᠷᠴᠢᠨ ᠲᠣᠭᠤᠷᠢᠨ ᠳᠤ ᠲᠦᠷᠭᠡᠨ ᠵᠤᠬᠢᠴᠠᠭᠤᠯᠵᠦ᠂ ᠵᠢᠭᠠᠬᠤ ᠮᠡᠷᠭᠡᠵᠢᠯ᠂ ᠵᠢᠭᠠᠬᠤ ᠠᠷᠭ᠎ᠠ ᠵᠢᠴᠢ ᠵᠢᠭᠠᠬᠤ ᠤᠷᠠᠯᠢᠭ ᠢ ᠯᠠᠪᠳᠠᠭᠤᠨ ᠢᠶᠠᠷ ᠡᠵᠡᠮᠰᠢᠬᠦᠯᠵᠦ᠂ ᠲᠡᠳᠡ ᠨᠠᠷ ᠢ ᠪᠤᠯᠪᠠᠰᠤᠷᠠᠭᠤᠯᠤᠨ ᠴᠠᠭᠠᠷᠠᠭᠤᠯᠵᠦ᠂ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠲᠤᠯᠭᠠᠭᠤᠷᠢ ᠬᠦᠴᠦᠨ ᠪᠠ ᠭᠤᠣᠯᠯᠠᠭᠴᠢ ᠬᠦᠴᠦᠨ ᠪᠣᠯᠭᠠᠬᠤ ᠶᠢ ᠵᠤᠷᠢᠵᠠᠢ᠃     ᠰᠢᠨ᠎ᠡ ᠪᠠᠷ ᠠᠵᠢᠯ ᠤᠨ ᠪᠠᠶᠢᠷᠢᠨ ᠳᠤ ᠭᠠᠷᠤᠭᠰᠠᠨ ᠪᠦᠦ ᠰᠢᠶᠤᠤ ᠴᠢᠨ ᠪᠠᠭᠰᠢ 18 ᠵᠠᠯᠠᠭᠤ ᠪᠠᠭᠰᠢ ᠶᠢ ᠲᠥᠯᠥᠭᠡᠯᠡᠨ ︽ᠪᠠᠭᠰᠢ ᠱᠠᠪᠢ ᠶᠢᠨ ᠪᠠᠷᠢᠯᠳᠤᠯᠭ᠎ᠠ︾ ᠶᠢᠨ ᠶᠣᠰᠣᠯᠠᠯ ᠲᠡᠭᠡᠷ᠎ᠠ ᠵᠤᠷᠢᠭ ᠢᠶᠠᠨ ᠢᠯᠡᠳᠭᠡᠬᠦ ᠳᠡᠭᠡᠨ᠄ ︽ᠦᠪᠡᠷ ᠤᠨ ᠲᠤᠬᠠᠶᠢᠯᠠᠬᠰᠠᠨ ᠠᠵᠢᠯ ᠪᠠ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠬᠠᠮᠡᠳ ᠪᠠᠭᠰᠢ ᠨᠠᠷ ᠠᠴᠠ ᠢᠯᠡᠬᠦᠭᠡᠨ ᠲᠠᠭᠠᠨ ᠰᠤᠷᠤᠯᠴᠠᠵᠦ᠂ ᠨᠢᠭᠡ ᠠᠴᠠ ᠨᠥᠭᠦᠭᠡ ᠶᠢ ᠵᠦᠢᠴᠢᠯᠡᠨ᠂ ᠥᠪᠡᠷ ᠤᠨ ᠤᠨᠴᠠᠯᠢᠭ ᠲᠠᠢ ᠵᠢᠭᠠᠨ ᠰᠤᠷᠭᠠᠯᠲᠠ ᠶᠢᠨ ᠰᠡᠳᠭᠢᠴᠡ ᠪᠠ ᠵᠢᠭᠠᠨ ᠰᠤᠷᠭᠠᠯᠲᠠ ᠶᠢᠨ ᠢᠯᠡ ᠲᠣᠳᠣ ᠬᠡᠪ ᠨᠠᠮᠪᠠ ᠶᠢ ᠠᠭᠠᠵᠢᠮ ᠢᠶᠠᠷ ᠪᠦᠷᠢᠯᠳᠦᠬᠦᠯᠵᠦ᠂ ᠢᠯᠡᠭᠦᠬᠡᠨ ᠰᠡᠳᠭᠢᠨ ᠢᠯᠡᠭᠦᠬᠡᠨ ᠲᠤᠩᠭᠠᠨ ᠪᠣᠳᠣᠯᠬᠢᠯᠠᠵᠤ᠂ ᠬᠡᠪ ᠪᠤᠯᠪᠠᠰᠤᠷᠠᠯ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠦᠨ᠎ᠡ︾ ᠬᠡᠵᠦ ᠢᠯᠡᠷᠬᠡᠶᠢᠯᠡᠪᠡ᠃     ᠲᠤᠰ ᠤᠳᠠᠭᠠᠨ ᠤ ︽ᠪᠠᠭᠰᠢ ᠱᠠᠪᠢ ᠶᠢᠨ ᠪᠠᠷᠢᠯᠳᠤᠯᠭ᠎ᠠ︾ ᠶᠢᠨ ᠶᠣᠰᠤᠯᠠᠯ ᠵᠠᠯᠠᠭᠤ ᠪᠠᠭᠰᠢ ᠨᠠᠷ ᠲᠤ ᠲᠤᠬᠠᠶᠢᠯᠠᠬᠰᠠᠨ ᠠᠵᠢᠯ ᠤᠨ ᠤᠷ᠎ᠠ ᠴᠢᠳᠠᠪᠤᠷᠢ ᠪᠠᠨ ᠲᠡᠭᠡᠭᠰᠢᠯᠡᠭᠦᠯᠬᠦ ᠰᠠᠶᠢᠨ ᠰᠠᠶᠢᠬᠠᠨ ᠨᠥᠬᠦᠴᠡᠯ ᠪᠦ᠋ᠷᠢᠯᠳᠦᠭᠦᠯᠵᠦ ᠦᠭᠬᠦᠭᠰᠡᠨ ᠪᠦᠭᠡᠳ ᠬᠠᠷᠢᠯᠴᠠᠨ ᠵᠥᠪᠳᠡᠯᠴᠡᠬᠦ᠂ ᠬᠠᠷᠢᠯᠴᠠᠨ ᠰᠤᠷᠤᠯᠴᠠᠬᠤ᠂ ᠬᠠᠮᠲᠤ ᠪᠠᠷ ᠲᠠᠪᠰᠢᠬᠤ ᠮᠠᠰᠢ ᠰᠠᠶᠢᠨ ᠲᠠᠪᠴᠠᠩ ᠬᠠᠩᠭᠠᠬᠰᠠᠨ ᠪᠠᠶᠢᠨ᠎ᠠ᠃    ᠯᠢ ᠲᠤᠶᠠᠭ᠎ᠠ ᠮᠡᠳᠡᠭᠡᠯᠡᠪᠠ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号