ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠷᠤᠭᠴᠢᠳ ᠲᠤ ᠦᠷᠭᠦᠯᠵᠢ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠦᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/20
 ᠪᠠᠶᠢᠩᠭᠤ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠤ ᠲᠤᠬᠠᠶ ᠰᠤᠷᠤᠭᠴᠢᠳ ᠤᠨ ᠲᠠᠨᠢᠯᠲᠠ ᠶᠢ ᠳᠡᠭᠡᠭᠰᠢᠯᠡᠭᠦᠯᠵᠦ᠂ ᠬᠠᠯᠳᠠᠪᠤᠷᠢᠲᠤ ᠡᠪᠡᠳᠴᠢᠨ ᠤ ᠰᠤᠷᠭᠠᠭᠤᠯᠢ ᠶᠢᠨ ᠬᠦᠷᠢᠶᠡᠨ ᠳᠤ ᠬᠠᠯᠳᠠᠪᠤᠷᠢᠯᠠᠬᠤ ᠲᠦᠭᠰᠢᠬᠦᠷᠢ ᠶᠢ ᠪᠠᠭᠠᠰᠬᠠᠬᠤ ᠶᠢᠨ ᠲᠥᠯᠥᠭᠡ᠂ 11 ᠰᠠᠷ᠎ᠠ ᠶᠢᠨ 19 ᠤ ᠡᠳᠦᠷ᠂ ᠤᠯᠠᠭᠠᠨᠬᠤᠲᠠ ᠶᠢᠨ ᠡᠷᠡᠭᠦᠯ ᠮᠡᠨᠳᠦ ᠶᠢᠨ ᠬᠥᠮᠦᠵᠢᠯ ᠤᠨ ᠭᠠᠵᠠᠷ᠂ ᠤᠯᠠᠭᠠᠨᠬᠤᠲᠠ ᠶᠢᠨ ᠡᠮᠨᠡᠯᠭᠡ ᠶᠢᠨ ᠬᠠᠮᠳᠤ ᠶᠢᠨ ᠴᠤᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠤᠯᠠᠭᠠᠨᠬᠠᠳᠠ ᠬᠤᠪᠢᠶᠠᠷᠢ ᠬᠤᠷᠢᠶ᠎ᠠ ᠲᠠᠢ ᠬᠠᠮᠲᠤᠷᠠᠨ ᠤᠯᠠᠭᠠᠨᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠥᠷᠨᠢᠭᠦᠯᠪᠡ᠃
22.jpg
11.jpg
    ᠲᠠᠶᠢᠯᠤᠮᠵᠢ ᠶᠢᠨ ᠶᠠᠪᠤᠴᠠ ᠳᠤ᠂ ᠬᠢᠩᠭᠠᠨ ᠠᠶᠢᠮᠠᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠳ᠋ᠦᠩ ᠰᠢᠤᠢ ᠶᠠᠩ ᠭᠤᠤᠯᠯᠠᠭᠴᠢ ᠡᠮᠴᠢ ᠲᠥᠬᠦᠮ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠳᠦᠷᠰᠦᠯᠢᠭ ᠵᠢᠷᠤᠭ ᠢᠶᠠᠷ ᠬᠡᠤᠬᠡᠳ ᠤᠳ ᠲᠤ ᠲᠠᠭᠰᠢᠭᠤᠷ ᠤᠨ ᠸᠢᠷᠦ᠋ᠰ᠂ ᠰᠡᠷᠭᠡᠨ ᠨᠢᠳᠤ᠂ ᠭᠠᠷ ᠬᠥᠯ ᠠᠮᠠ ᠶᠢᠨ ᠡᠪᠡᠳᠴᠢᠨ ᠵᠡᠷᠭᠡ ᠡᠪᠡᠳᠴᠢᠨ ᠤ ᠪᠠᠶᠢᠳᠠᠯ᠂ ᠣᠨᠴᠠᠯᠢᠭ᠂ ᠬᠠᠯᠳᠠᠪᠤᠷᠢᠯᠠᠬᠤ ᠠᠷᠭ᠎ᠠ ᠵᠠᠮ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠭᠠᠷ ᠢᠶᠠᠨ ᠦᠷᠭᠦᠯᠵᠢ ᠤᠬᠢᠶᠠᠬᠤ᠂ ᠢᠳᠡᠭᠡᠨ ᠤᠮᠳᠠᠭᠠᠨ ᠢᠶᠠᠨ ᠵᠤᠬᠢᠰᠳᠠᠢ ᠲᠤᠬᠢᠷᠠᠭᠤᠯᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ ᠪᠠ ᠭᠦᠢᠴᠡᠳ ᠤᠨᠲᠠᠬᠤ ᠵᠡᠷᠭᠡ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠨᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤ ᠴᠢᠬᠤᠯᠠ ᠴᠢᠨᠠᠷ ᠢ ᠲᠦᠭᠡᠮᠡᠯᠵᠢᠭᠦᠯᠬᠦ ᠶᠢᠨ ᠬᠠᠮᠲᠤ ᠣᠨᠴᠠᠭᠠᠶ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤᠮᠳᠠᠬᠢ ᠸᠠᠺᠼᠢᠨ ᠤ ᠲᠠᠷᠢᠯᠭ᠎ᠠ ᠬᠢᠬᠦ ᠶᠢᠨ ᠵᠠᠩᠭᠢᠯᠠᠭ᠎ᠠ ᠶᠢᠨ ᠤᠶᠢᠯᠡᠳᠤᠯ ᠢ ᠴᠢᠬᠤᠯᠠᠴᠢᠯᠠᠵᠤ᠂ ᠰᠤᠷᠤᠭᠴᠢᠳ ᠤᠨ ᠲᠣᠰ ᠪᠡᠶ᠎ᠡ ᠶᠢᠨ ᠪᠠᠶᠢᠳᠠᠯ ᠢᠶᠠᠨ ᠦᠨᠳᠦᠰᠦᠯᠡᠨ ᠵᠣᠬᠢᠴᠠᠩᠭᠤᠶ ᠸᠠᠺᠼᠢᠨ ᠳᠠᠷᠢᠬᠤ ᠶᠢ ᠵᠣᠷᠢᠭᠵᠢᠭᠤᠯᠪᠠ᠃
 
ᠢᠷᠡᠯᠲᠡ᠄ ᠡᠷᠡᠭᠦᠯ ᠮᠡᠨᠳᠦ ᠤᠯᠠᠭᠠᠨᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号