ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠷᠤᠭᠴᠢᠳ ᠲᠤ ᠦᠷᠭᠦᠯᠵᠢ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/20
 ᠪᠠᠶᠢᠩᠭᠤ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠤ ᠲᠤᠬᠠᠶ ᠰᠤᠷᠤᠭᠴᠢᠳ ᠤᠨ ᠲᠠᠨᠢᠯᠲᠠ ᠶᠢ ᠳᠡᠭᠡᠭᠰᠢᠯᠡᠭᠦᠯᠵᠦ᠂ ᠬᠠᠯᠳᠠᠪᠤᠷᠢᠲᠤ ᠡᠪᠡᠳᠴᠢᠨ ᠤ ᠰᠤᠷᠭᠠᠭᠤᠯᠢ ᠶᠢᠨ ᠬᠦᠷᠢᠶᠡᠨ ᠳᠤ ᠬᠠᠯᠳᠠᠪᠤᠷᠢᠯᠠᠬᠤ ᠲᠦᠭᠰᠢᠬᠦᠷᠢ ᠶᠢ ᠪᠠᠭᠠᠰᠬᠠᠬᠤ ᠶᠢᠨ ᠲᠥᠯᠥᠭᠡ᠂ 11 ᠰᠠᠷ᠎ᠠ ᠶᠢᠨ 19 ᠤ ᠡᠳᠦᠷ᠂ ᠤᠯᠠᠭᠠᠨᠬᠤᠲᠠ ᠶᠢᠨ ᠡᠷᠡᠭᠦᠯ ᠮᠡᠨᠳᠦ ᠶᠢᠨ ᠬᠥᠮᠦᠵᠢᠯ ᠤᠨ ᠭᠠᠵᠠᠷ᠂ ᠤᠯᠠᠭᠠᠨᠬᠤᠲᠠ ᠶᠢᠨ ᠡᠮᠨᠡᠯᠭᠡ ᠶᠢᠨ ᠬᠠᠮᠳᠤ ᠶᠢᠨ ᠴᠤᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠤᠯᠠᠭᠠᠨᠬᠠᠳᠠ ᠬᠤᠪᠢᠶᠠᠷᠢ ᠬᠤᠷᠢᠶ᠎ᠠ ᠲᠠᠢ ᠬᠠᠮᠲᠤᠷᠠᠨ ᠤᠯᠠᠭᠠᠨᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠥᠷᠨᠢᠭᠦᠯᠪᠡ᠃    ᠲᠠᠶᠢᠯᠤᠮᠵᠢ ᠶᠢᠨ ᠶᠠᠪᠤᠴᠠ ᠳᠤ᠂ ᠬᠢᠩᠭᠠᠨ ᠠᠶᠢᠮᠠᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠳ᠋ᠦᠩ ᠰᠢᠤᠢ ᠶᠠᠩ ᠭᠤᠤᠯᠯᠠᠭᠴᠢ ᠡᠮᠴᠢ ᠲᠥᠬᠦᠮ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠳᠦᠷᠰᠦᠯᠢᠭ ᠵᠢᠷᠤᠭ ᠢᠶᠠᠷ ᠬᠡᠤᠬᠡᠳ ᠤᠳ ᠲᠤ ᠲᠠᠭᠰᠢᠭᠤᠷ ᠤᠨ ᠸᠢᠷᠦ᠋ᠰ᠂ ᠰᠡᠷᠭᠡᠨ ᠨᠢᠳᠤ᠂ ᠭᠠᠷ ᠬᠥᠯ ᠠᠮᠠ ᠶᠢᠨ ᠡᠪᠡᠳᠴᠢᠨ ᠵᠡᠷᠭᠡ ᠡᠪᠡᠳᠴᠢᠨ ᠤ ᠪᠠᠶᠢᠳᠠᠯ᠂ ᠣᠨᠴᠠᠯᠢᠭ᠂ ᠬᠠᠯᠳᠠᠪᠤᠷᠢᠯᠠᠬᠤ ᠠᠷᠭ᠎ᠠ ᠵᠠᠮ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠭᠠᠷ ᠢᠶᠠᠨ ᠦᠷᠭᠦᠯᠵᠢ ᠤᠬᠢᠶᠠᠬᠤ᠂ ᠢᠳᠡᠭᠡᠨ ᠤᠮᠳᠠᠭᠠᠨ ᠢᠶᠠᠨ ᠵᠤᠬᠢᠰᠳᠠᠢ ᠲᠤᠬᠢᠷᠠᠭᠤᠯᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ ᠪᠠ ᠭᠦᠢᠴᠡᠳ ᠤᠨᠲᠠᠬᠤ ᠵᠡᠷᠭᠡ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠨᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤ ᠴᠢᠬᠤᠯᠠ ᠴᠢᠨᠠᠷ ᠢ ᠲᠦᠭᠡᠮᠡᠯᠵᠢᠭᠦᠯᠬᠦ ᠶᠢᠨ ᠬᠠᠮᠲᠤ ᠣᠨᠴᠠᠭᠠᠶ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤᠮᠳᠠᠬᠢ ᠸᠠᠺᠼᠢᠨ ᠤ ᠲᠠᠷᠢᠯᠭ᠎ᠠ ᠬᠢᠬᠦ ᠶᠢᠨ ᠵᠠᠩᠭᠢᠯᠠᠭ᠎ᠠ ᠶᠢᠨ ᠤᠶᠢᠯᠡᠳᠤᠯ ᠢ ᠴᠢᠬᠤᠯᠠᠴᠢᠯᠠᠵᠤ᠂ ᠰᠤᠷᠤᠭᠴᠢᠳ ᠤᠨ ᠲᠣᠰ ᠪᠡᠶ᠎ᠡ ᠶᠢᠨ ᠪᠠᠶᠢᠳᠠᠯ ᠢᠶᠠᠨ ᠦᠨᠳᠦᠰᠦᠯᠡᠨ ᠵᠣᠬᠢᠴᠠᠩᠭᠤᠶ ᠸᠠᠺᠼᠢᠨ ᠳᠠᠷᠢᠬᠤ ᠶᠢ ᠵᠣᠷᠢᠭᠵᠢᠭᠤᠯᠪᠠ᠃
 
ᠢᠷᠡᠯᠲᠡ᠄ ᠡᠷᠡᠭᠦᠯ ᠮᠡᠨᠳᠦ ᠤᠯᠠᠭᠠᠨᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号