ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠤᠭᠰᠠᠨ ᠲᠤᠬᠠᠢ ᠤᠯᠠᠭᠠᠨᠬᠤᠳᠠ
ᠨᠡᠶᠢᠲᠡᠯᠡᠭᠰᠡᠨ ᠴᠠᠭ᠄
2024/11/20
 11 ᠰᠠᠷ᠎ᠠ ᠶᠢᠨ 18 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠯᠠᠭᠠᠨᠬᠤᠲᠠ ᠶᠢᠨ ᠤᠳᠤᠷᠢᠳᠤᠯᠭ᠎ᠠ ᠮᠠ ᠱᠦ ᠭᠠᠩ᠂ ᠭᠤᠸᠠᠨ ᠹᠧᠩ᠂ ᠽᠦᠸᠧ ᠶᠠᠨ ᠂ ᠯᠢᠦ ᠬᠤᠩ ᠪᠥᠸᠧ᠂ ᠸᠠᠩ ᠭᠦᠸᠧ ᠠᠨ᠂ ᠵᠠᠩ ᠵᠢᠩ ᠵᠢᠩ᠂ ᠸᠠᠩ ᠬᠠᠶ ᠵᠢᠶᠠᠩ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠵᠠᠶ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠤᠯᠤᠰ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ︽ᠤᠯᠠᠭᠠᠨᠬᠤᠲᠠ ᠶᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠵᠠᠰᠠᠬᠤ ᠶᠢ ᠬᠡᠷᠡᠭᠵᠢᠭᠦᠯᠬᠦ ᠲᠥᠰᠦᠯ︾᠂ ︽2024 ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠬᠥᠳᠡᠯᠦᠩᠭᠦᠶ ᠲᠣᠬᠢᠷᠠᠭᠤᠯᠤᠯᠲᠠ ᠶᠢᠨ ᠠᠭᠤᠯᠭ᠎ᠠ ᠵᠢᠴᠢ ᠪᠠᠯᠭᠠᠰᠤ ︵ᠵᠡᠭᠡᠯᠢ︶ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠰᠢᠨ ᠴᠤᠸᠠᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠪᠣᠯᠤᠨ ᠰᠢᠨ ᠴᠤᠸᠠᠨ ᠢᠯᠴᠢ ᠶᠢᠨ ᠬᠦᠴᠦᠨ ᠤ ᠺᠣᠮᠫᠠᠨᠢ ᠶᠢ ᠨᠡᠶᠢᠯᠡᠭᠦᠯᠦᠨ ᠳᠠᠬᠢᠨ ᠪᠠᠶᠢᠭᠤᠯᠬᠤ᠂ ᠬᠤᠪᠢᠶᠠᠷᠢᠯᠠᠨ ᠰᠢᠯᠵᠢᠭᠦᠯᠬᠦ᠂ ᠬᠦᠴᠦᠨ ᠥᠬᠡᠶ ᠪᠣᠯᠭᠠᠬᠤ ᠵᠢᠴᠢ ᠮᠧᠩ ᠨᠧᠩ ᠢᠯᠴᠢ ᠴᠠᠬᠢᠯᠭᠠᠨ ᠤ ᠺᠣᠮᠫᠠᠨᠢ ᠶᠢᠨ ᠰᠢᠨ ᠴᠤᠸᠠᠨ ᠢᠯᠴᠢ ᠶᠢᠨ ᠬᠦᠴᠦᠨ ᠤ ᠺᠣᠮᠫᠠᠨᠢ ᠳᠤ ᠪᠥᠭᠡᠮ ᠢᠶᠠᠷ ᠢᠯᠴᠢ ᠬᠠᠩᠭᠠᠬᠤ ᠵᠡᠷᠭᠡ ᠬᠠᠮᠢᠶ᠎ᠠ ᠪᠥᠬᠦᠶ ᠵᠦᠢᠯᠡᠰ ᠢ ᠰᠤᠳᠤᠯᠪᠠ᠃   ᠬᠤᠷᠠᠯ ᠠᠴᠠ᠂ ᠡᠯ᠎ᠡ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠢ ᠶᠢᠨ ᠬᠢᠨ ᠣᠨ ᠤ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠤ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ᠂ ᠤᠨᠢᠨ ᠳᠡᠭᠡᠷ᠎ᠡ ᠨᠢ ᠲᠤᠬᠢᠷᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ᠃ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠠᠨ ᠢᠳᠡᠪᠬᠢᠲᠡᠢ ᠴᠢᠯᠥᠭᠡᠯᠡᠵᠦ᠂ ᠡᠯ᠎ᠡ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠡᠩ ᠤᠯᠠᠨ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠢ᠃ ︽ᠲᠠᠪᠤᠨ ᠶᠠᠭᠤ︾ ᠶᠢᠨ ᠲᠣᠭᠤᠷᠢᠨ ᠳᠤ᠂ ᠪᠥᠬᠦ ᠬᠤᠲᠠ ᠶᠢᠨ ︽ᠨᠢᠭᠡ ᠬᠦᠷᠢᠶᠡᠯᠡᠩ᠂ ᠬᠤᠶᠠᠷ ᠵᠡᠭᠡᠯᠢ᠂ ᠣᠯᠠᠨ ᠴᠡᠭ︾ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠠᠶᠢᠷᠢᠰᠢᠯ ᠤᠨ ᠲᠣᠭᠤᠷᠢᠨ ᠳᠤ᠂ ᠪᠠᠶᠠᠨᠴᠠᠭᠠᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠡᠮᠦᠨ᠎ᠡ ᠵᠡᠭᠡᠯᠢ ᠶᠢᠨ ᠶᠠᠪᠠᠭᠠᠨ ᠵᠡᠭᠡᠯᠢ᠂ ᠰᠠᠨ ᠾᠧ ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ ᠶᠢ ᠤᠷᠢᠳᠴᠢᠯᠠᠨ ᠪᠠᠶᠢᠷᠢᠯᠠᠭᠤᠯᠵᠤ᠂ ᠬᠥᠳᠡᠭᠡ ᠲᠣᠰᠬᠤᠨ ᠤ ᠤᠨᠴᠠᠯᠢᠬᠳᠤ ᠵᠢᠭᠤᠯᠴᠢᠯᠠᠯ ᠤᠨ ᠪᠠᠶᠢᠳᠠᠯ ᠢ ᠢᠳᠡᠪᠬᠢᠲᠡᠶ ᠪᠣᠶ ᠪᠣᠯᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠢ ︽ᠬᠥᠭᠵᠢᠶᠡᠨᠲᠡᠶ︾ ᠪᠣᠯᠭᠠᠬᠤ ᠬᠡᠷᠡᠭᠲᠡᠶ᠃ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠲᠣᠭᠲᠠᠭᠤᠨ᠂ ᠴᠢᠨᠠᠷ ᠰᠠᠶᠢᠲᠠᠢ᠂ ᠠᠮᠤᠷ ᠲᠦᠪᠰᠢᠨ ᠢᠶᠠᠷ ᠢᠯᠴᠢ ᠬᠠᠩᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠳᠣᠣᠷ᠎ᠠ ᠳᠤᠯᠠᠭᠠᠨ ᠴᠠᠰᠤ ᠣᠷᠣᠬᠤ ᠴᠠᠭ ᠠᠭᠤᠷ ᠤᠨ ᠪᠠᠲᠤᠯᠠᠭ᠎ᠠ ᠶᠢᠨ ᠠᠵᠢᠯ ᠢ ᠤᠷᠢᠳᠴᠢᠯᠠᠨ ᠪᠠᠶᠢᠷᠢᠯᠠᠭᠤᠯᠵᠤ᠂ ︽ᠴᠠᠰᠤ ᠪᠠᠷ ᠵᠠᠷᠯᠢᠭ ᠪᠣᠯᠭᠠᠬᠤ︾ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠮ ᠬᠠᠷᠢᠯᠴᠠᠭ᠎ᠠ ᠶᠢᠨ ᠰᠢᠭᠤᠳ ᠰᠢᠯᠤᠭᠤᠨ ᠨᠡᠪᠲᠡᠷᠡᠬᠦ ᠂ ᠤᠯᠠᠨ ᠲᠦᠮᠡᠨ ᠤ ᠶᠠᠪᠤᠵᠤ ᠰᠠᠭᠤᠬᠤ ᠳᠤ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号