| ᠪᠠᠶᠢᠩᠭᠤ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠤ ᠲᠤᠬᠠᠶ ᠰᠤᠷᠤᠭᠴᠢᠳ ᠤᠨ ᠲᠠᠨᠢᠯᠲᠠ ᠶᠢ | ᠳᠡᠭᠡᠭᠰᠢᠯᠡᠭᠦᠯᠵᠦ᠂ ᠬᠠᠯᠳᠠᠪᠤᠷᠢᠲᠤ ᠡᠪᠡᠳᠴᠢᠨ ᠤ ᠰᠤᠷᠭᠠᠭᠤᠯᠢ ᠶᠢᠨ ᠬᠦᠷᠢᠶᠡᠨ ᠳᠤ ᠬᠠᠯᠳᠠᠪᠤᠷᠢᠯᠠᠬᠤ | ᠲᠦᠭᠰᠢᠬᠦᠷᠢ ᠶᠢ ᠪᠠᠭᠠᠰᠬᠠᠬᠤ ᠶᠢᠨ ᠲᠥᠯᠥᠭᠡ᠂ 11 ᠰᠠᠷ᠎ᠠ ᠶᠢᠨ 19 ᠤ ᠡᠳᠦᠷ᠂ ᠤᠯᠠᠭᠠᠨᠬᠤᠲᠠ ᠶᠢᠨ ᠡᠷᠡᠭᠦᠯ | ᠮᠡᠨᠳᠦ ᠶᠢᠨ ᠬᠥᠮᠦᠵᠢᠯ ᠤᠨ ᠭᠠᠵᠠᠷ᠂ ᠤᠯᠠᠭᠠᠨᠬᠤᠲᠠ ᠶᠢᠨ ᠡᠮᠨᠡᠯᠭᠡ ᠶᠢᠨ ᠬᠠᠮᠳᠤ ᠶᠢᠨ ᠴᠤᠭᠴᠠ ᠶᠢᠨ ᠶᠡᠷᠦᠩᠬᠡᠶ | ᠡᠮᠨᠡᠯᠭᠡ ᠶᠢᠨ ᠬᠤᠷᠢᠶᠠᠨ ᠤ ᠤᠯᠠᠭᠠᠨᠬᠠᠳᠠ ᠬᠤᠪᠢᠶᠠᠷᠢ ᠬᠤᠷᠢᠶ᠎ᠠ ᠲᠠᠢ ᠬᠠᠮᠲᠤᠷᠠᠨ ᠤᠯᠠᠭᠠᠨᠬᠤᠲᠠ ᠶᠢᠨ ᠶᠢᠰᠦᠳᠦᠭᠡᠷ | ᠳᠤᠮᠳᠠᠳᠤ ᠰᠤᠷᠭᠠᠭᠤᠯᠢ ᠳᠤ ᠬᠦᠷᠴᠦ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠥᠷᠨᠢᠭᠦᠯᠪᠡ᠃ | | ᠲᠠᠶᠢᠯᠤᠮᠵᠢ ᠶᠢᠨ ᠶᠠᠪᠤᠴᠠ ᠳᠤ᠂ ᠬᠢᠩᠭᠠᠨ ᠠᠶᠢᠮᠠᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ | ᠳ᠋ᠦᠩ ᠰᠢᠤᠢ ᠶᠠᠩ ᠭᠤᠤᠯᠯᠠᠭᠴᠢ ᠡᠮᠴᠢ ᠲᠥᠬᠦᠮ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠳᠦᠷᠰᠦᠯᠢᠭ | ᠵᠢᠷᠤᠭ ᠢᠶᠠᠷ ᠬᠡᠤᠬᠡᠳ ᠤᠳ ᠲᠤ ᠲᠠᠭᠰᠢᠭᠤᠷ ᠤᠨ ᠸᠢᠷᠦ᠋ᠰ᠂ ᠰᠡᠷᠭᠡᠨ ᠨᠢᠳᠤ᠂ ᠭᠠᠷ ᠬᠥᠯ ᠠᠮᠠ ᠶᠢᠨ ᠡᠪᠡᠳᠴᠢᠨ | ᠵᠡᠷᠭᠡ ᠡᠪᠡᠳᠴᠢᠨ ᠤ ᠪᠠᠶᠢᠳᠠᠯ᠂ ᠣᠨᠴᠠᠯᠢᠭ᠂ ᠬᠠᠯᠳᠠᠪᠤᠷᠢᠯᠠᠬᠤ ᠠᠷᠭ᠎ᠠ ᠵᠠᠮ ᠪᠠ ᠤᠷᠢᠳᠴᠢᠯᠠᠨ ᠰᠡᠷᠭᠡᠶᠢᠯᠡᠬᠦ ᠠᠷᠭ᠎ᠠ | ᠬᠡᠮᠵᠢᠶ᠎ᠡ ᠶᠢ ᠲᠠᠨᠢᠯᠴᠠᠭᠤᠯᠵᠤ᠂ ᠭᠠᠷ ᠢᠶᠠᠨ ᠦᠷᠭᠦᠯᠵᠢ ᠤᠬᠢᠶᠠᠬᠤ᠂ ᠢᠳᠡᠭᠡᠨ ᠤᠮᠳᠠᠭᠠᠨ ᠢᠶᠠᠨ ᠵᠤᠬᠢᠰᠳᠠᠢ | ᠲᠤᠬᠢᠷᠠᠭᠤᠯᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ ᠪᠠ ᠭᠦᠢᠴᠡᠳ ᠤᠨᠲᠠᠬᠤ ᠵᠡᠷᠭᠡ ᠡᠷᠡᠭᠦᠯ ᠰᠠᠷᠠᠭᠤᠯ | ᠠᠮᠢᠳᠤᠷᠠᠯ ᠤᠨ ᠳᠠᠳᠬᠠᠯ ᠨᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤ ᠴᠢᠬᠤᠯᠠ ᠴᠢᠨᠠᠷ ᠢ | ᠲᠦᠭᠡᠮᠡᠯᠵᠢᠭᠦᠯᠬᠦ ᠶᠢᠨ ᠬᠠᠮᠲᠤ ᠣᠨᠴᠠᠭᠠᠶ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤᠮᠳᠠᠬᠢ ᠸᠠᠺᠼᠢᠨ ᠤ | ᠲᠠᠷᠢᠯᠭ᠎ᠠ ᠬᠢᠬᠦ ᠶᠢᠨ ᠵᠠᠩᠭᠢᠯᠠᠭ᠎ᠠ ᠶᠢᠨ ᠤᠶᠢᠯᠡᠳᠤᠯ ᠢ ᠴᠢᠬᠤᠯᠠᠴᠢᠯᠠᠵᠤ᠂ ᠰᠤᠷᠤᠭᠴᠢᠳ ᠤᠨ ᠲᠣᠰ ᠪᠡᠶ᠎ᠡ ᠶᠢᠨ | ᠪᠠᠶᠢᠳᠠᠯ ᠢᠶᠠᠨ ᠦᠨᠳᠦᠰᠦᠯᠡᠨ ᠵᠣᠬᠢᠴᠠᠩᠭᠤᠶ ᠸᠠᠺᠼᠢᠨ ᠳᠠᠷᠢᠬᠤ ᠶᠢ ᠵᠣᠷᠢᠭᠵᠢᠭᠤᠯᠪᠠ᠃ | | | |