ᠰᠢ ᠶᠢᠨ ᠫᠢᠩ ᠷᠢᠦ᠋ ᠳ᠋ᠢ ᠿᠧᠨ᠋ᠸᠢᠢᠷᠦ᠋ ᠳᠤ ᠭᠦᠷᠪᠠ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠪᠷᠠᠽᠢᠯ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠨ᠎ᠡ​
ᠨᠡᠶᠢᠲᠡᠯᠡᠭᠰᠡᠨ ᠴᠠᠭ᠄
2024/11/20
         ᠰᠢᠨᠬᠤᠸᠠ ᠬᠤᠷᠢᠶ᠎ᠠ ᠶᠢᠨ ᠷᠢᠦ᠋ ᠳ᠋ᠢ ᠿᠧᠨ᠋ᠸᠢᠢᠷᠦ᠋ ᠶᠢᠨ 11 ᠰᠠᠷ᠎ᠠ ᠶᠢᠨ 17 ᠤ ᠴᠠᠭᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠷᠢᠦ᠋ ᠳ᠋ᠢ ᠿᠧᠨ᠋ᠸᠢᠢᠷᠦ᠋ ᠳᠤ ᠬᠦᠷᠴᠦ᠂ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠶᠡᠷᠦᠩᠬᠡᠶᠢᠯᠡᠭᠴᠢ ᠯᠦᠯᠠ ᠶᠢᠨ ᠤᠷᠢᠯᠭ᠎ᠠ ᠪᠠᠷ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠪᠷᠠᠽᠢᠯ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ᠃   
里约内卢.jpg
    ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠷᠢᠦ᠋ ᠳ᠋ᠢ ᠿᠧᠨ᠋ᠸᠢᠢᠷᠦ᠋ ᠳᠤ ᠬᠦᠷᠴᠦ᠂ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠶᠡᠷᠦᠩᠬᠡᠶᠢᠯᠡᠭᠴᠢ ᠯᠦᠯᠠ ᠶᠢᠨ ᠤᠷᠢᠯᠭ᠎ᠠ ᠪᠠᠷ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠪᠷᠠᠽᠢᠯ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ    ᠲᠤᠰᠬᠠᠢ ᠨᠢᠰᠬᠡᠯ ᠷᠢᠦ᠋ ᠳ᠋ᠢ ᠿᠧᠨ᠋ᠸᠢᠢᠷᠦ᠋ ᠶᠢᠨ ᠭᠠᠯᠢᠶᠤᠨ ᠠᠭᠠᠷ ᠤᠨ ᠴᠡᠷᠢᠭ ᠤᠨ ᠰᠠᠭᠤᠷᠢᠨ ᠳᠤ ᠬᠦᠷᠬᠦ ᠦᠶ᠎ᠡ ᠳᠤ ᠪᠷᠠᠽᠢᠯ ᠤᠨ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠨ ᠬᠠᠯᠠᠭᠤᠨ ᠢᠶᠠᠷ ᠤᠭᠲᠤᠪᠠ᠃ ᠪᠷᠠᠽᠢᠯ ᠤᠨ ᠠᠭᠠᠷ ᠤᠨ ᠴᠡᠷᠢᠭ ᠤᠨ ᠪᠦᠷᠢᠶᠡᠴᠢᠳ ᠪᠦᠷᠢᠶ᠎ᠡ ᠦᠯᠢᠶᠡᠵᠦ ᠬᠦᠨᠳᠦᠳᠬᠡᠯ ᠳᠡᠪᠰᠢᠭᠦᠯᠵᠦ᠂ ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠵᠣᠭᠰᠣᠪᠠ᠃    ᠰᠢ ᠶᠢᠨ ᠫᠢᠩ ᠨᠢᠰᠬᠡᠯ ᠤᠨ ᠪᠠᠭᠤᠳᠠᠯ ᠳᠤ ᠪᠢᠴᠢᠭ ᠢᠶᠠᠷ ᠶᠠᠷᠢᠶ᠎ᠠ ᠲᠠᠯᠪᠢᠵᠤ᠂ ᠪᠷᠠᠽᠢᠯ ᠤᠨ ᠵᠠᠰᠠᠭ ᠤᠨ ᠣᠷᠳᠣᠨ ᠪᠣᠯᠣᠨ ᠪᠷᠠᠽᠢᠯ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃    ᠰᠢ ᠶᠢᠨ ᠫᠢᠩ᠂ ᠪᠢ ᠪᠷᠠᠽᠢᠯ ᠳᠤ 4 ᠤᠳᠠᠭ᠎ᠠ ᠠᠶᠢᠯᠴᠢᠯᠠᠵᠤ᠂ ᠪᠷᠠᠽᠢᠯ ᠤᠨ ᠣᠶᠢᠷ᠎ᠠ ᠶᠢᠨ 30 ᠵᠢᠯ ᠤᠨ ᠲᠤᠷᠰᠢᠬᠢ ᠬᠥᠭᠵᠢᠯᠲᠡ ᠬᠤᠪᠢᠷᠠᠯᠲᠠ ᠶᠢ ᠪᠡᠶ᠎ᠡ ᠪᠠᠷ ᠢᠶᠠᠨ ᠦᠵᠡᠵᠦ ᠭᠡᠷᠡᠴᠢᠯᠡᠪᠡ᠂ ᠡᠨᠡ ᠬᠠᠯᠠᠭᠤᠨ ᠬᠥᠷᠥᠰᠥᠨ ᠳᠤ ᠳᠠᠬᠢᠨᠲᠠ ᠬᠦᠷᠴᠦ ᠢᠷᠡᠭᠰᠡᠨ ᠳᠡᠭᠡᠨ ᠲᠦᠢᠯ ᠤᠨ ᠳᠣᠲᠣᠨᠣ ᠰᠠᠨᠠᠭᠳᠠᠵᠤ ᠪᠠᠶᠢᠨ᠎ᠠ᠃ ᠳᠤᠮᠳᠠᠳᠤ ᠤᠯᠤᠰ ᠪᠣᠯᠣᠨ ᠪᠷᠠᠽᠢᠯ ᠪᠣᠯ ᠬᠦᠰᠡᠯ ᠵᠣᠷᠢᠯᠲᠠ ᠨᠢᠭᠡᠲᠡᠢ ᠰᠠᠶᠢᠨ ᠨᠠᠶᠢᠵᠠ᠂ ᠭᠠᠷ ᠬᠤᠯᠪᠣᠨ ᠤᠷᠤᠭᠰᠢᠯᠠᠬᠤ ᠰᠠᠶᠢᠨ ᠬᠠᠨᠢᠲᠠᠨ ᠮᠥᠨ᠃ ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ ᠲᠣᠮᠣ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ ᠳᠤᠮᠳᠠᠳᠤ ᠪᠷᠠᠽᠢᠯ ᠬᠡᠳᠦ᠋ᠢᠪᠡᠷ ᠳᠠᠯᠠᠢ ᠲᠠᠩᠭᠢᠰ ᠢᠶᠠᠷ ᠠᠯᠤᠰᠯᠠᠭᠳᠠᠵᠤ ᠪᠠᠶᠢᠭ᠎ᠠ ᠪᠤᠯᠪᠠᠴᠤ ᠬᠠᠷᠢᠯᠴᠠᠨ ᠲᠠᠲᠠᠯᠳᠤᠵᠤ᠂ ᠠᠯᠤᠰ ᠬᠤᠯᠠ ᠠᠴᠠ ᠬᠠᠷᠢᠯᠴᠠᠨ ᠲᠦᠰᠢᠯᠴᠡᠨ ᠬᠠᠷᠠᠭᠠᠯᠵᠠᠵᠤ ᠪᠠᠶᠢᠨ᠎ᠠ᠃ ᠣᠶᠢᠷ᠎ᠠ ᠶᠢᠨ ᠵᠢᠯ ᠠᠴᠠ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠶᠡᠭᠡ ᠦᠷ᠎ᠡ ᠪᠦᠲᠦᠭᠡᠯ ᠣᠯᠵᠤ᠂ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠤᠯᠠᠨ ᠲᠠᠯ᠎ᠠ ᠪᠠᠷ ᠴᠡᠴᠡᠭᠯᠡᠨ ᠬᠥᠭᠵᠢᠵᠦ᠂ ᠤᠯᠠᠮᠵᠢᠯᠠᠯᠲᠤ ᠨᠥᠬᠦᠷᠯᠡᠯ ᠰᠢᠨ᠎ᠡ ᠴᠠᠭ ᠦᠶ᠎ᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠳᠡᠯᠡᠬᠡᠢ ᠳᠡᠭᠡᠷ᠎ᠡ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠰᠢᠳᠤᠷᠭᠤ ᠶᠣᠰᠣᠨ ᠤ ᠳᠠᠭᠤᠨ ᠢ ᠬᠠᠮᠲᠤ ᠪᠠᠷ ᠴᠤᠤᠷᠢᠶᠠᠲᠤᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠡᠨᠡ ᠵᠢᠯ ᠬᠤᠶᠠᠷ ᠤᠯᠤᠰ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠡᠯᠭᠡᠯᠡᠪᠡ᠃ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠶᠢ ᠰᠡᠩᠬᠡᠷᠡᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠲᠡᠦᠬᠡ ᠶᠢᠨ ᠵᠠᠩᠭᠢᠯᠠᠭ᠎ᠠ ᠶᠢᠨ ᠴᠡᠭ ᠲᠤ ᠵᠣᠭᠰᠣᠵᠤ᠂ ᠪᠢ ᠶᠡᠷᠦᠩᠬᠡᠶᠢᠯᠡᠭᠴᠢ ᠯᠦᠯᠠ ᠲᠠᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ᠂ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠬᠤ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠶᠢ ᠬᠦᠰᠡᠵᠦ ᠪᠠᠶᠢᠨ᠎ᠠ᠃ ᠡᠨᠡ ᠤᠳᠠᠭ᠎ᠠ ᠶᠢᠨ ᠠᠶᠢᠯᠴᠢᠯᠠᠯᠲᠠ ᠨᠢ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠤᠶᠠᠷ ᠲᠠᠯ᠎ᠠ ᠶᠢᠨ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠳᠤᠮᠳᠠᠳᠤ ᠪᠷᠠᠽᠢᠯ ᠤᠨ ᠬᠠᠷᠢᠯᠴᠠᠭ᠎ᠠ ᠶᠢ ᠬᠥᠲᠥᠯᠥᠨ ᠳᠠᠭᠠᠭᠤᠯᠵᠤ ᠳᠠᠷᠠᠭᠠᠴᠢ ᠶᠢᠨ ︽ᠰᠢᠵᠢᠷ ᠠᠯᠳᠠᠨ 50 ᠵᠢᠯ︾ ᠢ ᠡᠬᠢᠯᠡᠭᠦᠯᠬᠦ ᠶᠢ ᠢᠲᠡᠭᠡᠵᠦ ᠪᠠᠶᠢᠨ᠎ᠠ᠃ ᠪᠢ ᠪᠠᠰᠠ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠶᠡᠭᠡ ᠪᠣᠳᠣᠯᠭ᠎ᠠ ᠶᠢ ᠵᠥᠪᠳᠡᠯᠴᠡᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠬᠤᠷᠢᠨ ᠤᠯᠤᠰ ᠤᠨ ᠪᠦᠯᠦᠭᠯᠡᠯ ᠤᠨ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠴᠢᠬᠤᠯᠠ ᠲᠠᠪᠴᠠᠩ ᠪᠣᠯᠤᠭᠰᠠᠨ ᠤ ᠬᠤᠪᠢ ᠳᠤ ᠦᠷᠭᠦᠯᠵᠢᠯᠡᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠭᠡ ᠨᠢᠰᠬᠡᠯ ᠢᠶᠠᠷ ᠬᠠᠮᠲᠤ ᠭᠦᠷᠪᠡ᠃    ᠪᠷᠠᠽᠢᠯ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠦ ᠴᠢᠩ ᠴᠢᠶᠣᠤ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃    ᠰᠢ ᠶᠢᠨ ᠫᠢᠩ ᠠᠽᠢᠶ᠎ᠠ ᠲᠢᠪ ᠨᠣᠮᠣᠬᠠᠨ ᠳᠠᠯᠠᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠭᠤᠴᠢᠨ ᠨᠢᠭᠡᠳᠦᠭᠡᠷ ᠤᠳᠠᠭ᠎ᠠ ᠶᠢᠨ ᠠᠯᠪᠠᠨ ᠶᠣᠰᠣᠨ ᠤ ᠪᠤᠰᠤ ᠬᠤᠷᠠᠯ ᠳᠤ ᠣᠷᠤᠯᠴᠠᠬᠤ ᠶᠢᠨ ᠬᠠᠮᠲᠤ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ ᠯᠢᠮᠠ ᠠᠴᠠ ᠰᠠᠯᠬᠤ ᠦᠶ᠎ᠡ ᠳᠤ ᠫᠧᠷᠦ᠋ ᠶᠢᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠠᠳᠧᠯᠢ᠊ ᠆ ᠠᠨᠰᠧᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠠᠰᠲ᠋ᠦ᠋ᠳᠢᠯᠦ᠋ᠸᠧ ᠨᠠᠷ ᠨᠢᠰᠬᠡᠯ ᠤᠨ ᠪᠠᠭᠤᠳᠠᠯ ᠳᠤ ᠬᠦᠷᠴᠦ ᠮᠣᠷᠳᠠᠭᠤᠯᠵᠠᠢ᠃    ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠰᠠᠭᠠᠲᠠᠭᠰᠠᠨ ᠪᠠᠭᠤᠳᠠᠯ ᠠᠴᠠ ᠪᠠᠨ ᠨᠢᠰᠬᠡᠯ ᠤᠨ ᠪᠠᠭᠤᠳᠠᠯ ᠳᠤ ᠬᠦᠷᠬᠦ ᠵᠠᠮ ᠳᠤᠮᠳᠠ ᠲᠤᠬᠠᠢ ᠶᠢᠨ ᠭᠠᠵᠠᠷ ᠤᠨ ᠮᠠᠰᠢ ᠤᠯᠠᠨ ᠠᠷᠠᠳ ᠵᠠᠮ ᠤᠨ ᠬᠤᠶᠠᠷ ᠲᠠᠯ᠎ᠠ ᠳᠤ ᠴᠤᠭᠯᠠᠷᠠᠵᠤ᠂ ᠲᠡᠷᠭᠡᠨ ᠡᠩᠨᠡᠭᠡ ᠶᠢᠨ ᠵᠦᠭ ᠭᠠᠷ ᠳᠠᠯᠠᠯᠤᠨ ᠮᠡᠨᠳᠦᠴᠢᠯᠡᠵᠦ᠂ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ᠂ ᠳᠤᠮᠳᠠᠳᠤ ᠶᠢᠨ ᠪᠡᠯᠡ ᠣᠷᠣᠭᠤᠯᠤᠭᠰᠠᠨ ᠪᠠᠶᠢᠭᠤᠯᠤᠮᠵᠢ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠳᠤᠮᠳᠠᠳᠤ ᠫᠧᠷᠦ᠋ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠲᠡᠭᠦᠰ ᠠᠮᠵᠢᠯᠲᠠ ᠣᠯᠣᠭᠰᠠᠨ ᠳᠤ ᠪᠠᠶᠠᠷ ᠬᠦᠷᠭᠡᠪᠡ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号