ᠵᠢᠭᠤᠯᠴᠢᠯᠠᠯ ᠤᠨ ᠲᠥᠬᠦᠭᠡᠷᠦᠮᠵᠢ ᠶᠢᠨ ᠠᠶᠤᠯᠭᠦᠶ ᠦᠢᠯᠡᠳᠪᠦᠷᠢᠯᠡᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠦᠭᠰᠡᠨ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2024/11/22
     ᠤᠯᠠᠭᠠᠨᠬᠤᠲᠠ ᠶᠢᠨ ᠵᠢᠭᠤᠯᠴᠢᠯᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 20 ᠤ ᠡᠳᠦᠷ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠵᠢᠭᠤᠯᠴᠢᠯᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃
11.jpg    
     ᠲᠣᠰ ᠤᠳᠠᠭᠠᠨ ᠤ ᠬᠠᠮᠲᠤᠷᠠᠭᠰᠠᠨ ᠠᠵᠢᠯᠯᠠᠭ᠎ᠠ ᠶᠢᠨ ᠪᠠᠶᠢᠴᠠᠭᠠᠯᠲᠠ ᠶᠢᠨ ᠬᠡᠪᠴᠢᠶ᠎ᠡ ᠥᠷᠭᠡᠨ᠂ ᠬᠤᠲᠠ ᠶᠢᠨ ᠳᠣᠲᠣᠷᠠᠬᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠤᠭ᠎ᠠ ᠴᠡᠩᠭᠡᠯ ᠤᠨ ᠲᠠᠯᠠᠪᠤᠷ ᠵᠡᠷᠭᠡ ᠳᠤ ᠬᠤᠯᠪᠣᠭᠳᠠᠨ᠎ᠠ᠃ ᠪᠠᠶᠢᠴᠠᠭᠠᠬᠤ ᠶᠠᠪᠤᠴᠠ ᠳᠤ᠂ ᠵᠤᠭ᠎ᠠ ᠴᠡᠩᠭᠡᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠲᠥᠬᠦᠭᠡᠷᠦᠮᠵᠢ ᠶᠢᠨ ᠣᠨ ᠤ ᠪᠠᠶᠢᠴᠠᠭᠠᠯᠲᠠ ᠶᠢᠨ ᠪᠠᠶᠢᠳᠠᠯ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠤᠨ ᠪᠦᠷᠢᠨ ᠪᠦᠲᠦᠨ ᠴᠢᠨᠠᠷ ᠪᠠ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠨᠠᠶᠢᠳᠠᠪᠤᠷᠢᠲᠤ ᠴᠢᠨᠠᠷ ᠢ ᠪᠠᠶᠢᠴᠠᠭᠠᠨ ᠦᠵᠡᠵᠦ᠂ ᠠᠵᠢᠯᠯᠠᠭᠠᠨ ᠤ ᠲᠣᠭᠲᠠᠭᠤᠨ ᠪᠥᠭᠡᠳ ᠠᠮᠤᠷ ᠲᠦᠪᠰᠢᠨ ᠤ ᠬᠠᠮᠠᠭᠠᠯᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ ᠪᠤᠢ᠃
22.jpg     ᠪᠠᠰᠠ ᠠᠯᠪᠠᠨ ᠤ ᠲᠠᠯ᠎ᠠ ᠶᠢᠨ ᠰᠦᠯᠵᠢᠶᠡᠨ ᠳᠡᠭᠡᠷᠡᠬᠢ ᠲᠠᠪᠴᠠᠩ ᠢ ᠢᠳᠡᠪᠬᠢᠲᠡᠶ ᠠᠰᠢᠭᠯᠠᠨ᠂ ᠠᠮᠤᠷ
ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠨᠡᠶᠢᠲᠡᠯᠡᠵᠦ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠶᠢ ᠨᠡᠮᠡᠭᠳᠡᠭᠦᠯᠵᠦ ᠂  ᠵᠢᠭᠤᠯᠴᠢᠯᠠᠭᠴᠢ ᠵᠡᠷᠭᠡ ᠨᠡᠶᠢᠭᠡᠮ ᠤᠨ ᠣᠯᠠᠨ ᠲᠦᠮᠡᠨ ᠤ ᠠᠮᠤᠷ ᠲᠦᠪᠰᠢᠨ ᠢ ᠠᠩᠬᠠᠷᠬᠤ ᠵᠦᠢᠯᠡᠰ ᠪᠠ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠶᠢ ᠦᠷᠭᠦᠯᠵᠢᠯᠡᠨ ᠥᠷᠭᠡᠨ ᠢᠶᠠᠷ ᠰᠠᠨᠠᠭᠤᠯᠤᠨ ᠲᠠᠶᠢᠴᠢᠯᠡᠨ ᠵᠢᠯᠣᠭᠤᠳᠴᠤ ᠂ ᠣᠯᠠᠨ ᠢ ᠬᠠᠮᠳᠤ ᠪᠠᠷ ᠣᠷᠣᠯᠴᠠᠭᠤᠯᠬᠤ ᠪᠠ ᠬᠢᠨᠠᠯᠲᠠ ᠲᠠᠯᠪᠢᠭᠤᠯᠵᠤ᠂ ᠤᠯᠠᠭᠠᠨᠬᠤᠲᠠ ᠶᠢᠨ ᠵᠢᠭᠤᠯᠴᠢᠯᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠪᠠ᠃  
 
ᠢᠷᠡᠯᠲᠡ᠄ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号