ᠦᠰᠦᠭ ᠪᠢᠴᠢᠭ ᠢᠶᠠᠷ ᠦᠬᠦᠯᠡᠬᠦᠢ᠄ ᠤᠯᠠᠭᠠᠨᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2024/11/28
     ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠨ ᠭᠠᠳᠠᠭᠰᠢᠯᠠᠭᠤᠯᠬᠤ᠂ ᠵᠢᠷᠤᠮᠵᠢᠭᠤᠯᠤᠨ ᠴᠡᠪᠡᠷᠯᠡᠨ ᠲᠡᠭᠡᠭᠡᠪᠦᠷᠢᠯᠡᠬᠦ᠂ ᠪᠦᠲᠦᠮᠵᠢᠲᠡᠶ ᠠᠰᠢᠭᠯᠠᠬᠤ ᠪᠠ ᠠᠮᠤᠷ ᠲᠦᠪᠰᠢᠨ ᠢᠶᠠᠷ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠲᠠ ︽ᠤᠯᠠᠭᠠᠨᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠵᠤ ᠂ ᠡᠳᠦᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠃    ᠨᠢᠭᠡ᠂ ᠲᠦᠰᠤᠯ ᠢ ᠲᠣᠭᠲᠠᠭᠠᠭᠰᠠᠨ ᠠᠬᠤᠶ ᠪᠠᠶᠢᠳᠠᠯ    ᠮᠠᠨ ᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠭᠠᠳᠠᠭᠰᠢᠯᠠᠭᠤᠯᠬᠤ᠂ ᠲᠡᠭᠡᠭᠡᠪᠦᠷᠢᠯᠡᠬᠦ᠂ ᠬᠤᠭ ᠤᠪᠤᠭᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠪᠠᠷᠢᠯᠭ᠎ᠠ ᠶᠢᠨ ᠬᠤᠭ ᠨᠣᠪᠰᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠵᠤ᠂ ᠬᠤᠲᠠ ᠶᠢᠨ ᠲᠣᠭᠤᠷᠢᠭ ᠤᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠨ ᠰᠠᠶᠢᠵᠢᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠶᠢ ᠠᠬᠢᠭᠤᠯᠵᠤ᠂ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠠᠰᠢᠭᠯᠠᠬᠤ ᠪᠠ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ ᠬᠠᠳᠠᠭᠠᠯᠠᠬᠤ ᠬᠡᠷᠡᠭᠲᠡᠢ ᠃ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠲᠡᠭᠡᠭᠡᠪᠦᠷᠢ ᠶᠢ ᠬᠢᠨᠠᠨ ᠵᠥᠪᠰᠢᠶᠡᠷᠡᠬᠦ ᠵᠢᠴᠢ ᠬᠢᠨᠠᠨ ᠬᠠᠮᠢᠶᠠᠷᠬᠤ ᠶᠢ ᠴᠢᠩᠳᠠᠯᠠᠵᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠠᠷᠢᠯᠭ᠎ᠠ ᠶᠢᠨ ᠬᠤᠭ ᠨᠣᠪᠰᠢ ᠶᠢ ᠠᠰᠢᠭᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠶᠢᠯᠡᠨ ᠠᠰᠢᠭᠯᠠᠬᠤ ᠠᠷᠭ᠎ᠠ ᠵᠠᠮ ᠢ ᠥᠷᠭᠡᠳᠬᠡᠨ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠲᠣᠰ ︽ᠲᠥᠰᠦᠯ︾ ᠢ ᠣᠨᠴᠠᠭᠠᠶᠢᠯᠠᠨ ᠲᠣᠭᠲᠠᠭᠠᠪᠠ᠃ᠬᠤᠶᠠᠷ᠂ ᠲᠦᠰᠤᠯ ᠢ ᠲᠣᠭᠲᠠᠭᠠᠭᠰᠠᠨ ᠦᠨᠳᠦᠰᠦᠯᠡᠯ    ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠤᠬᠢᠷᠳᠤᠭᠤᠯᠬᠤ ᠶᠢ ᠰᠡᠷᠭᠡᠶᠢᠯᠡᠬᠦ ᠬᠠᠤᠯᠢ︾᠂ ︽ᠬᠤᠲᠠ ᠶᠢᠨ ᠦᠵᠡᠮᠵᠢ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾᠂ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠎ᠠ᠃    ᠭᠤᠷᠪᠠ᠂ ᠲᠦᠰᠤᠯ ᠤᠨ ᠭᠤᠣᠯ ᠠᠭᠤᠯᠭ᠎ᠠ    ︽ᠬᠡᠷᠡᠭᠵᠢᠭᠦᠯᠬᠦ ᠲᠥᠰᠦᠯ︾ ᠢ ᠭᠤᠤᠯᠳᠠᠭᠤ ᠳᠥᠷᠪᠡᠨ ᠬᠡᠰᠡᠭ ᠲᠤ ᠬᠤᠪᠢᠶᠠᠪᠠ᠂ ᠡᠭᠦᠨ ᠳᠤ ᠭᠤᠤᠯᠳᠠᠭᠤ ᠬᠢᠨᠠᠨ ᠵᠥᠪᠰᠢᠶᠡᠷᠡᠬᠦ ᠨᠥᠬᠦᠴᠡᠯ ᠵᠢᠴᠢ ᠶᠠᠪᠤᠴᠠ᠂ ᠲᠡᠭᠡᠭᠡᠪᠦᠷᠢ ᠶᠢᠨ ᠬᠠᠮᠢᠶᠠᠷᠤᠯᠲᠠ᠂ ᠬᠢᠨᠠᠯᠲᠠ ᠬᠠᠮᠢᠶᠠᠷᠤᠯᠲᠠ᠂ ᠰᠢᠢᠳᠪᠦᠷᠢᠯᠡᠬᠦ ᠲᠠᠯᠠᠪᠤᠷ  ᠵᠡᠷᠭᠡ ᠪᠠᠭᠳᠠᠨ᠎ᠠ᠃    ᠨᠢᠭᠡᠳᠦᠭᠡᠷ ᠬᠡᠰᠡᠭ᠂ ᠬᠢᠨᠠᠨ ᠵᠥᠪᠰᠢᠶᠡᠷᠡᠬᠦ ᠨᠥᠬᠦᠴᠡᠯ ᠵᠢᠴᠢ ᠶᠠᠪᠤᠴᠠ ᠨᠢ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠥᠷᠨᠢᠭᠦᠯᠬᠦ ᠳᠤ᠂ ᠳᠣᠤᠷᠠᠬᠢ ᠨᠥᠬᠦᠴᠡᠯ ᠢ ᠪᠦᠷᠢᠯᠳᠤᠬᠦᠯᠬᠦ ᠬᠡᠷᠡᠭᠲᠡᠶ᠃ ︵1︶ ᠪᠢᠴᠢᠭ ᠤᠨ ᠭᠤᠶᠤᠴᠢᠯᠠᠯ ︵ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠭᠰᠠᠨ ᠪᠠᠶᠢᠳᠠᠯ᠂ ᠲᠡᠭᠡᠭᠡᠪᠦᠷᠢᠯᠡᠬᠦ ᠴᠠᠭ᠂ ᠴᠡᠪᠡᠷᠯᠡᠨ ᠲᠡᠭᠡᠭᠡᠪᠦᠷᠢᠯᠡᠬᠦ ᠭᠠᠵᠠᠷ᠂ ᠦᠢᠯᠡᠳᠪᠦᠷᠢᠯᠡᠭᠰᠡᠨ ᠬᠡᠮᠵᠢᠶ᠎ᠡ ᠪᠠ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠳᠡᠭᠡ ᠵᠠᠩᠭᠢ ᠶᠢ ᠪᠠᠭᠲᠠᠭᠠᠨ᠎ᠠ︶  ︵2︶ ᠬᠠᠤᠯᠢ ᠶᠣᠰᠣᠨ ᠤ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠲᠡᠷᠭᠡ ᠶᠠᠪᠤᠭᠤᠯᠬᠤ ᠦᠨᠡᠮᠯᠡᠯ ᠲᠠᠢ ᠪᠠᠶᠢᠬᠤ ᠬᠡᠷᠡᠭᠲᠡᠶ᠃ ︵3︶ ᠲᠡᠭᠦᠯᠳᠡᠷ ᠪᠦᠬᠦᠢ ᠲᠡᠭᠡᠭᠡᠪᠦᠷᠢ ᠶᠢᠨ ᠲᠡᠷᠭᠡ ᠬᠥᠰᠬᠡ ᠶᠢᠨ ᠲᠡᠭᠡᠭᠡᠪᠦᠷᠢ ᠡᠵᠡᠩᠨᠡᠬᠦ᠂ ᠠᠶᠤᠯ ᠦᠭᠡᠶ᠂ ᠶᠠᠰᠤ ᠴᠢᠨᠠᠷ᠂ ᠠᠷᠠᠴᠢᠯᠠᠨ ᠬᠠᠮᠠᠭᠠᠯᠠᠬᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠲᠠᠢ ᠪᠠᠶᠢᠬᠤ ᠶᠢᠨ ᠬᠠᠮᠲᠤ ᠪᠦᠲᠦᠮᠵᠢᠲᠡᠶ ᠪᠠᠷ ᠬᠡᠷᠡᠭᠵᠢᠭᠦᠯᠦᠭᠳᠡᠭᠰᠡᠨ ᠪᠠᠶᠢᠬᠤ ᠬᠡᠷᠡᠭᠳᠡᠢ᠃    ᠪᠣᠳᠠᠲᠤ ᠶᠠᠪᠤᠴᠠ : ︵︵1︶ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ᠂ ᠲᠡᠭᠡᠭᠡᠪᠦᠷᠢ ᠶᠢᠨ ᠨᠢᠭᠡᠴᠢ ᠪᠤᠶᠤ ᠬᠤᠪᠢ ᠬᠥᠮᠦᠨ᠄ ᠭᠤᠶᠤᠴᠢᠯᠠᠯ ᠢᠶᠠᠨ ᠲᠡᠪᠰᠢᠬᠦᠯᠬᠦ → ᠭᠤᠶᠤᠴᠢᠯᠠᠯ ᠢᠶᠠᠨ ᠬᠠᠤᠯᠢ ᠬᠡᠷᠡᠭᠵᠢᠭᠦᠯᠬᠦ ᠳᠤᠮᠳᠠ ᠠᠩᠭᠢ  ᠳᠤ ᠰᠢᠯᠵᠢᠬᠦᠯᠤᠨ ᠬᠢᠨᠠᠨ  ᠪᠠᠶᠢᠴᠠᠭᠠᠯᠭᠠᠬᠤ → ︵ᠮᠠᠲ᠋ᠧᠷᠢᠶᠠᠯ ᠨᠢ ᠪᠦᠷᠢᠨ ᠭᠦᠢᠴᠡᠳ ᠪᠠᠷᠢᠮᠵᠢᠶ᠎ᠠ ᠳᠤ ᠨᠡᠶᠢᠴᠡᠵᠤ ᠲᠡᠭᠡᠭᠡᠪᠦᠷᠢᠯᠡᠬᠦ ᠶᠢ ᠵᠥᠪᠰᠢᠶᠡᠷᠡᠬᠦ ᠭᠠᠷᠳᠠᠮ ᠭᠦᠢᠴᠡᠳᠭᠡᠬᠦ→ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠭᠠᠷ ᠤᠨ ᠦᠰᠦᠭ ᠵᠢᠷᠤᠵᠤ ᠬᠦᠯᠢᠶᠡᠨ ᠠᠪᠤᠨ᠎ᠠ →  ᠲᠡᠭᠡᠭᠡᠪᠦᠷᠢᠯᠡᠬᠦ ᠶᠢ ᠵᠥᠪᠰᠢᠶᠡᠷᠡᠭᠰᠡᠨ ᠭᠠᠷᠳᠠᠮ ᠢ ᠬᠠᠷᠢᠭᠤ ᠲᠤᠰᠬᠠᠵᠤ᠂ ᠶᠡᠷᠤᠩᠬᠡᠢ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠥᠬᠦ ᠶᠠᠪᠤᠴᠠ ᠳᠤ ᠬᠢᠨᠠᠨ ᠬᠠᠮᠢᠶᠠᠷᠤᠨ᠎ᠠ᠃ ︵2︶ ᠵᠠᠰᠠᠭ ᠤᠨ ᠣᠷᠳᠣᠨ ᠤ ᠲᠥᠷᠥᠯ ᠵᠦᠢᠯ ᠤᠨ ᠢᠨᠵᠧᠨᠧᠷᠢᠩ᠄ ᠭᠤᠶᠤᠴᠢᠯᠠᠯ ᠤᠨ ᠵᠠᠬᠢᠳᠠᠯ ᠢᠶᠠᠨ ᠲᠡᠪᠰᠢᠬᠦᠯᠤᠨ᠎ᠠ→ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠨ᠎ᠠ → ᠮᠠᠲ᠋ᠧᠷᠢᠶᠠᠯ ᠨᠢ ᠪᠦᠷᠢᠨ ᠭᠦᠢᠴᠡᠳ ᠪᠠᠷᠢᠮᠵᠢᠶ᠎ᠠ ᠳᠤ ᠨᠡᠶᠢᠴᠡᠵᠤ ᠲᠡᠭᠡᠭᠡᠪᠦᠷᠢᠯᠡᠬᠦ ᠶᠢ ᠵᠥᠪᠰᠢᠶᠡᠷᠡᠬᠦ ᠭᠠᠷᠳᠠᠮ ᠢ ︵ᠬᠠᠤᠯᠢ ᠬᠡᠷᠡᠭᠵᠢᠭᠦᠯᠬᠦ ᠠᠵᠢᠯᠲᠠᠨ ᠤ ᠪᠥᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠬᠢᠨ᠎ᠡ︶ ᠪᠢᠴᠢᠵᠤ ᠦᠭᠬᠦᠨ᠎ᠠ᠃  ︵ᠦᠷᠬᠦᠯᠵᠢᠯᠡᠯ ᠪᠤᠢ︶    ᠬᠤᠶᠠᠳᠤᠭᠠᠷ ᠬᠡᠰᠡᠭ᠄ ᠲᠡᠭᠡᠭᠡᠪᠦᠷᠢ ᠶᠢᠨ ᠬᠠᠮᠢᠶᠠᠷᠤᠯᠲᠠ    1.ᠲᠡᠭᠡᠭᠡᠪᠦᠷᠢ ᠶᠢᠨ ᠲᠡᠷᠭᠡ ᠬᠦᠰᠭᠡ ᠳᠤ ᠪᠢᠳᠡᠭᠦᠮᠵᠢᠯᠡᠭᠰᠡᠨ ᠲᠣᠨᠤᠭᠯᠠᠯ ᠬᠡᠷᠡᠭᠯᠡᠵᠦ᠂ ᠠᠴᠢᠶᠠᠯᠠᠬᠤ ᠳᠠᠭᠠᠨ ᠵᠣᠬᠢᠬᠤ ᠬᠡᠮᠵᠢᠶ᠎ᠡ ︵ᠲᠡᠷᠭᠡᠨ ᠸᠠᠭᠤᠨ ᠤ ᠲᠡᠭᠡᠷ᠎ᠡ ᠬᠡᠰᠡᠭ ᠠᠴᠠ ᠬᠡᠲᠦᠷᠡᠬᠦ ᠦᠭᠡᠢ︶ ᠪᠠᠷ ᠠᠴᠢᠶᠠᠯᠠᠨ᠂ ᠨᠢᠭᠲᠠ ᠴᠢᠩᠭ᠎ᠠ ᠪᠦᠷᠬᠦᠵᠤ᠂  ᠪᠢᠳᠡᠬᠦᠮᠵᠢᠯᠡᠨ ᠲᠡᠭᠡᠭᠡᠪᠤᠷᠢᠯᠡᠬᠦ ᠶᠢ ᠪᠠᠳᠤᠯᠠᠬᠤ ᠬᠡᠷᠡᠭᠳᠡᠢ᠃    2. ᠪᠠᠷᠢᠯᠭ᠎ᠠ ᠶᠢᠨ ᠬᠤᠭ ᠨᠣᠪᠰᠢ ᠶᠢ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ ᠳᠤ ᠵᠠᠯᠭᠠᠭᠤᠯᠤᠨ᠎ᠠ᠃ ᠲᠡᠭᠡᠭᠡᠪᠦᠷᠢ ᠶᠢᠨ ᠲᠡᠷᠭᠡ ᠬᠥᠰᠬᠡ ᠨᠢ ᠵᠣᠷᠢᠭᠰᠠᠨ ᠭᠠᠵᠠᠷ ᠢᠶᠠᠨ ᠳᠤᠷ᠎ᠠ ᠪᠠᠷ ᠢᠶᠠᠨ ᠬᠤᠪᠢᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠴᠢᠳᠬᠤᠵᠤ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠃ ᠲᠡᠭᠡᠭᠡᠪᠦᠷᠢ ᠶᠢᠨ ᠲᠡᠷᠭᠡ ᠨᠢᠭᠡᠳᠦᠯᠲᠡᠶ ᠫᠠᠶᠢᠰᠠ ᠡᠯᠭᠦᠵᠦ᠂ ᠲᠡᠷᠭᠡᠨ ᠤ ᠥᠩᠭᠡ ᠨᠢᠭᠡᠳᠦᠯᠲᠡᠶ ᠪᠥᠭᠡᠳ ᠺᠣᠮᠫᠠᠨᠢ ᠶᠢᠨ ᠨᠡᠷᠡᠶᠢᠳᠦᠯ ᠵᠢᠴᠢ ᠳ᠋ᠤᠭᠠᠷᠯᠠᠬᠤ ᠲᠡᠮᠳᠡᠭ ᠲᠠᠢ᠃ ᠲᠤᠰᠬᠠᠶ ᠬᠡᠷᠡᠭᠯᠡᠬᠦ ᠲᠡᠷᠭᠡ ᠬᠥᠰᠬᠡ ᠶᠢ ᠤᠯᠠᠭᠠᠨᠬᠤᠲᠠ ᠶᠢᠨ ᠬᠠᠮᠢᠶᠠᠷᠤᠯᠲᠠ ᠶᠢᠨ ᠶᠡᠷᠤᠩᠬᠡᠢ ᠬᠠᠤᠯᠢ ᠬᠡᠷᠡᠭᠵᠢᠭᠦᠯᠬᠦ ᠲᠣᠪᠴᠢᠶ᠎ᠠ ᠳᠤ ᠮᠡᠳᠡᠭᠦᠯᠦᠨ ᠨᠢᠭᠡᠳᠦᠯᠲᠡᠶ ᠳᠠᠩᠰᠠᠯᠠᠭᠤᠯᠬᠤ ᠶᠢᠨ ᠬᠠᠮᠲᠤ ︽ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠳᠡᠩᠰᠡᠯᠡᠯᠲᠡ ᠶᠢᠨ ᠦᠨᠡᠮᠯᠡᠯ︾ ᠢ ᠠᠪᠬᠤ ᠬᠡᠷᠡᠭᠳᠡᠢ᠃     3. ᠲᠡᠭᠡᠭᠡᠪᠦᠷᠢ ᠶᠢᠨ ᠲᠡᠷᠭᠡ ᠬᠥᠰᠬᠡ ᠨᠢ ᠵᠣᠷᠢᠭᠰᠠᠨ ᠭᠠᠵᠠᠷ ᠢᠶᠠᠨ ᠳᠤᠷ᠎ᠠ ᠪᠠᠷ ᠢᠶᠠᠨ ᠬᠤᠪᠢᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠴᠢᠳᠬᠤᠵᠤ ᠳᠤᠷ᠎ᠠ ᠪᠠᠷ ᠢᠶᠠᠨ ᠬᠠᠶᠠᠵᠤ ᠪᠣᠯᠬᠤ ᠥᠬᠡᠶ᠃     4. ᠲᠡᠭᠡᠭᠡᠪᠦᠷᠢ ᠶᠢᠨ ᠲᠡᠷᠭᠡ ᠬᠦᠰᠭᠡ ᠳᠤ ᠲᠤᠰᠬᠠᠶ ᠫᠠᠶᠢᠰᠠ ᠲᠡᠮᠳᠡᠭ ᠢ ᠨᠢᠭᠡᠳᠦᠯᠲᠡᠶ ᠡᠯᠭᠦᠵᠦ᠂ ᠲᠡᠷᠭᠡᠨ ᠤ ᠦᠩᠭᠡ  ᠪᠤᠳᠤᠭ ᠢ ᠨᠢᠭᠡᠳᠭᠡᠬᠦ ᠶᠢᠨ ᠬᠠᠮᠳᠤ ᠺᠣᠮᠫᠠᠨᠢ ᠶᠢᠨ ᠨᠡᠷᠡᠶᠢᠳᠦᠯ ᠵᠢᠴᠢ ᠳ᠋ᠤᠭᠠᠷᠯᠠᠯ ᠤᠨ ᠲᠡᠮᠳᠡᠭ ᠲᠠᠢ ᠪᠠᠶᠢᠬᠤ ᠬᠡᠷᠡᠭᠳᠡᠢ᠃ ᠲᠤᠰᠬᠠᠶ ᠬᠡᠷᠡᠭᠯᠡᠬᠦ ᠲᠡᠷᠭᠡ ᠬᠥᠰᠬᠡ ᠶᠢ ᠤᠯᠠᠭᠠᠨᠬᠤᠲᠠ ᠶᠢᠨ ᠬᠠᠮᠢᠶᠠᠷᠤᠯᠲᠠ ᠶᠢᠨ ᠶᠡᠷᠤᠩᠬᠡᠢ ᠬᠠᠤᠯᠢ ᠬᠡᠷᠡᠭᠵᠢᠭᠦᠯᠬᠦ ᠲᠣᠪᠴᠢᠶ᠎ᠠ ᠳᠤ ᠮᠡᠳᠡᠭᠦᠯᠦᠨ ᠨᠢᠭᠡᠳᠦᠯᠲᠡᠶ ᠳᠠᠩᠰᠠᠯᠠᠭᠤᠯᠬᠤ ᠶᠢᠨ ᠬᠠᠮᠲᠤ ︽ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠳᠡᠩᠰᠡᠯᠡᠯᠲᠡ ᠶᠢᠨ ᠦᠨᠡᠮᠯᠡᠯ︾ ᠢ ᠠᠪᠬᠤ ᠬᠡᠷᠡᠭᠳᠡᠢ᠃     5.ᠲᠤᠰᠬᠠᠶ ᠬᠡᠷᠡᠭᠯᠡᠬᠦ ᠲᠡᠷᠭᠡ ᠬᠥᠰᠬᠡ ᠶᠢ ᠤᠯᠠᠭᠠᠨᠬᠤᠲᠠ ᠶᠢᠨ ᠬᠠᠮᠢᠶᠠᠷᠤᠯᠲᠠ ᠶᠢᠨ ᠶᠡᠷᠤᠩᠬᠡᠢ ᠬᠠᠤᠯᠢ ᠬᠡᠷᠡᠭᠵᠢᠭᠦᠯᠬᠦ ᠲᠣᠪᠴᠢᠶ᠎ᠠ ᠳᠤ ᠮᠡᠳᠡᠭᠦᠯᠦᠨ ᠨᠢᠭᠡᠳᠦᠯᠲᠡᠶ ᠳᠠᠩᠰᠠᠯᠠᠭᠤᠯᠬᠤ ᠶᠢᠨ ᠬᠠᠮᠲᠤ ︽ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠳᠡᠩᠰᠡᠯᠡᠯᠲᠡ ᠶᠢᠨ ᠦᠨᠡᠮᠯᠡᠯ︾ ᠢ ᠠᠪᠬᠤ ᠬᠡᠷᠡᠭᠳᠡᠢ᠃     6. ᠬᠤᠯᠪᠤᠭᠳᠠᠯ ᠪᠦᠬᠦᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠡᠷᠭᠡᠨ ᠳᠡᠭᠡᠨ ᠠᠪᠴᠤ ᠶᠠᠪᠤᠬᠤ ᠬᠡᠷᠡᠭᠳᠡᠢ᠃     7. ᠲᠣᠭᠲᠠᠭᠰᠠᠨ ᠵᠠᠮ ᠱᠤᠭᠤᠮ᠂ ᠴᠠᠭ ᠢᠶᠠᠷ ᠶᠠᠪᠤᠬᠤ ᠬᠡᠷᠡᠭᠳᠡᠢ᠃     ᠭᠤᠷᠪᠠᠳᠤᠭᠠᠷ ᠬᠡᠰᠡᠭ᠄ ᠬᠢᠨᠠᠯᠲᠠ ᠬᠠᠮᠢᠶᠠᠷᠤᠯᠲᠠ     ᠬᠤᠲᠠ ᠶᠢᠨ ᠬᠠᠮᠢᠶᠠᠷᠤᠯᠲᠠ ᠶᠢᠨ ᠶᠡᠷᠤᠩᠬᠡᠢ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠬᠦ᠂ ᠱᠠᠯᠠᠪᠳᠠᠭᠤᠯᠤᠨ ᠵᠢᠯᠣᠭᠤᠳᠬᠤ ᠪᠠ ᠪᠠᠶᠢᠴᠠᠭᠠᠵᠤ ᠬᠢᠨᠠᠨ ᠰᠢᠯᠭᠠᠬᠤ ᠶᠢ ᠬᠠᠷᠢᠭᠤᠴᠠᠨ᠎ᠠ᠃ ᠪᠤᠰᠤᠳ ᠬᠠᠷᠢᠭᠤᠴᠠᠯᠭᠠᠲᠤ ᠨᠢᠭᠡᠴᠢ᠄ ᠡᠯ᠎ᠡ ᠰᠢᠶᠠᠩ ᠪᠠᠯᠭᠠᠰᠤ ᠵᠢᠴᠢ ᠲᠠᠷᠢᠶᠠᠯᠠᠩ ᠳᠤ ᠬᠤᠯᠪᠣᠭᠳᠠᠬᠤ ᠬᠡᠷᠡᠭ ᠡᠷᠬᠢᠯᠡᠬᠦ ᠭᠠᠵᠠᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠤᠯᠠᠭᠠᠨᠬᠤᠲᠠ ᠳᠠᠬᠢ ᠬᠤᠪᠢᠶᠠᠷᠢ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ  ᠶᠡᠷᠤᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠯᠠᠭᠠᠨᠬᠤᠲᠠ ᠳᠠᠬᠢ ᠰᠢᠭᠤᠳ ᠬᠠᠷᠢᠶ᠎ᠠ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠭᠳᠠᠨ᠎ᠠ᠃     ᠳᠥᠷᠪᠡᠳᠦᠭᠡᠷ ᠬᠡᠰᠡᠭ᠄ ᠰᠢᠢᠳᠪᠦᠷᠢᠯᠡᠬᠦ ᠲᠠᠯᠠᠪᠤᠷ     ᠭᠤᠤᠯᠳᠠᠭᠤ᠄ ᠲᠡᠷᠭᠡ ᠬᠥᠰᠬᠡ ᠶᠢᠨ ᠲᠠᠯᠠᠪᠠᠶ ᠳᠤ ᠣᠷᠣᠵᠤ ᠬᠠᠮᠢᠶᠠᠷᠬᠤ᠂ ᠰᠦᠢᠳᠬᠡᠯ ᠲᠤᠰᠢᠶᠠᠬᠤ ᠪᠠ ᠡᠬᠡ ᠳᠠᠩᠰᠠ ᠶᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ᠂ ᠪᠠᠷᠢᠯᠭ᠎ᠠ ᠶᠢᠨ ᠬᠤᠭ ᠨᠣᠪᠰᠢ ᠴᠢᠳᠬᠤᠬᠤ ᠬᠠᠮᠢᠶᠠᠷᠤᠯᠲᠠ᠂ ᠦᠨᠡᠮᠯᠡᠯ ᠬᠤᠷᠢᠶᠠᠨ ᠠᠪᠬᠤ ᠪᠠ ᠬᠠᠷᠭᠤᠭᠤᠯᠬᠤ᠂ ᠪᠠᠷᠢᠯᠭ᠎ᠠ ᠶᠢᠨ ᠬᠤᠭ ᠨᠣᠪᠰᠢ ᠶᠢᠨ ᠬᠠᠮᠤᠷᠬᠤ ᠬᠠᠮᠢᠶᠠᠷᠤᠯᠲᠠ᠂ ᠬᠤᠯᠢᠯᠳᠤᠭᠤᠯᠤᠨ ᠰᠠᠪᠠᠯᠠᠵᠤ ᠬᠤᠭ ᠨᠣᠪᠰᠢ ᠶᠢ ᠲᠠᠯᠠᠪᠠᠶ ᠳᠤ ᠣᠷᠣᠭᠤᠯᠬᠤ ᠬᠠᠮᠢᠶᠠᠷᠤᠯᠲᠠ ᠵᠡᠷᠭᠡ ᠪᠠᠭᠲᠠᠨ᠎ᠠ᠃   
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号