ᠦᠰᠦᠭ ᠪᠢᠴᠢᠭ ᠢᠶᠠᠷ ᠦᠭᠦᠯᠡᠬᠦᠢ᠄ ︽ᠤᠯᠠᠭᠠᠨᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ︵2024 ᠣᠨ ᠤ ᠬᠡᠪᠯᠡᠯ︶︾
ᠨᠡᠶᠢᠲᠡᠯᠡᠭᠰᠡᠨ ᠴᠠᠭ᠄
2024/11/29
    ᠨᠢᠭᠡ᠂ ᠨᠠᠶᠢᠷᠠᠭᠤᠯᠤᠨ ᠵᠣᠬᠢᠶᠠᠬᠤ ᠵᠣᠷᠢᠯᠭ᠎ᠠ ᠮᠠᠨ ᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ  ᠳᠠᠭᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠪᠣᠬᠢᠷᠲᠤᠯ ᠢ ᠭᠠᠳᠠᠭᠰᠢᠯᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠤᠭᠰᠠᠨ ᠬᠤᠤᠷ ᠬᠥᠨᠥᠭᠡᠯ ᠢ ᠴᠠᠭ ᠲᠤᠬᠠᠶ ᠳᠤᠨᠢ ᠪᠦᠲᠦᠮᠵᠢᠲᠡᠶ ᠬᠢᠵᠠᠭᠠᠷᠯᠠᠵᠤ ᠂ ᠪᠠᠭᠠᠰᠬᠠᠬᠤ ᠪᠤᠶᠤ ᠠᠷᠢᠯᠭᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠤᠰᠠᠳᠠ᠂ ᠲᠣᠰ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠪᠠ᠃   ᠬᠤᠶᠠᠷ᠂ ᠨᠠᠶᠢᠷᠠᠭᠤᠯᠤᠨ ᠵᠤᠬᠢᠶᠠᠬᠤ ᠦᠨᠳᠦᠰᠦᠯᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2022 ᠣᠨ ᠤ ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ︽ᠬᠢᠩᠭᠠᠨ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ︽ᠤᠯᠠᠭᠠᠨᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠪᠠ᠃ ᠭᠤᠷᠪᠠ᠂ ᠭᠤᠣᠯ ᠠᠭᠤᠯᠭ᠎ᠠ ︽ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠳᠤ ᠨᠠᠢᠮᠠᠨ ᠬᠡᠰᠡᠭ ᠪᠠᠭᠲᠠᠨ᠎ᠠ᠃ ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ ᠪᠣᠯᠣᠨ᠎ᠠ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠪᠡᠯᠡᠳᠬᠡᠯ ᠲᠥᠰᠦᠯ ᠤᠨ ᠰᠢᠰᠲ᠋ᠧᠮ ᠪᠠ ᠠᠵᠢᠯ ᠤᠨ ᠵᠠᠷᠴᠢᠮ ᠢ ᠲᠣᠳᠣᠷᠬᠠᠶᠢᠯᠠᠪᠠ᠃ ᠬᠤᠶᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠪᠣᠯᠤᠨ᠎ᠠ᠃ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ᠂ ᠵᠢᠯᠣᠭᠤᠳᠬᠤ ᠭᠠᠵᠠᠷ ᠤᠨ ᠠᠯᠪᠠᠨ ᠬᠡᠷ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠢ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃  ᠭᠤᠷᠪᠠᠳᠤᠭᠠᠷ ᠬᠡᠰᠡᠭ ᠢ ᠤᠷᠢᠳᠴᠢᠯᠠᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠭᠡᠵᠦ ᠬᠤᠪᠢᠶᠠᠨ᠎ᠠ᠃ ᠬᠢᠨᠠᠨ ᠬᠡᠮᠵᠢᠬᠦ᠂ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠳᠡᠰ ᠬᠤᠪᠢᠶᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠲᠣᠬᠢᠷᠠᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠬᠤᠯᠪᠣᠭᠳᠠᠯ ᠪᠥᠬᠦᠶ ᠲᠣᠭᠲᠠᠭᠠᠯ ᠭᠠᠷᠭᠠᠪᠠ᠃    ᠳᠥᠷᠪᠡᠳᠦᠭᠡᠷ ᠬᠡᠰᠡᠭ ᠢ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠭᠡᠵᠦ ᠬᠤᠪᠢᠶᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠳᠤ ᠲᠠᠰ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠶᠢ ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ᠂ ᠮᠡᠳᠡᠭᠡ ᠵᠠᠩᠭᠢ ᠶᠢ ᠢᠯᠡ ᠪᠣᠯᠭᠠᠬᠤ᠂ ᠪᠠᠴᠢᠮ ᠪᠠᠶᠢᠳᠠᠯ ᠢ ᠠᠷᠭᠠᠴᠠᠭᠠᠨ ᠳᠠᠭᠠᠵᠤ ᠬᠢᠬᠦ ᠶᠢ ᠵᠣᠭᠰᠤᠭᠠᠬᠤ᠂ ᠳ᠋ᠦᠩᠨᠡᠯᠲᠡ ᠬᠢᠵᠦ ᠦᠨᠡᠯᠡᠨ ᠵᠢᠱᠢᠬᠦ ᠶᠢ ᠲᠣᠳᠣᠷᠬᠠᠢ ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠪᠠᠴᠢᠮ ᠪᠠᠶᠢᠳᠠᠯ ᠢ ᠠᠷᠭᠠᠴᠠᠭᠠᠨ ᠳᠠᠭᠠᠵᠤ ᠬᠢᠬᠦ ᠠᠷᠭ᠎ᠠ ᠬᠡᠮᠵᠢᠶ᠎ᠡ ᠳᠤ ᠶᠡᠷᠦᠩᠬᠡᠢ ᠱᠠᠭᠠᠷᠳᠠᠯᠭ᠎ᠠ ᠳᠤᠷᠠᠳᠤᠭᠰᠠᠨ ᠪᠥᠭᠡᠳ ᠱᠠᠲᠤ ᠬᠤᠪᠢᠶᠠᠨ ᠳᠠᠭᠠᠵᠤ ᠬᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃ ᠲᠠᠪᠤᠳᠤᠭᠠᠷ ᠬᠡᠰᠡᠭ ᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠵᠦ ᠬᠤᠪᠢᠶᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠥᠮᠦᠨ ᠤ ᠬᠦᠴᠦᠨ ᠤ ᠡᠬᠢ ᠪᠠᠶᠠᠯᠢᠭ᠂ ᠵᠠᠷᠤᠳᠠᠯ᠂ ᠨᠡᠪᠲᠡᠷᠡᠯᠴᠡᠭᠡ᠂ ᠠᠮᠤᠷ ᠲᠦᠪᠰᠢᠨ ᠵᠡᠷᠭᠡ ᠪᠠᠲᠤᠯᠠᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃   ᠵᠢᠷᠭᠤᠳᠤᠭᠠᠷ ᠬᠡᠰᠡᠭ ᠨᠢ ᠪᠡᠯᠡᠳᠬᠡᠯ ᠲᠥᠰᠦᠯ ᠤᠨ ᠬᠠᠮᠢᠶᠠᠷᠤᠯᠲᠠ ᠪᠣᠯᠤᠨ᠎ᠠ᠃ ᠤᠬᠠᠭᠤᠯᠤᠨ ᠵᠢᠯᠣᠭᠤᠳᠬᠤ᠂ ᠪᠣᠯᠪᠠᠰᠤᠷᠠᠯ ᠰᠣᠷᠢᠯᠲᠠ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃        ᠳᠣᠯᠣᠳᠤᠭᠠᠷ ᠬᠡᠰᠡᠭ ᠨᠢ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠲᠣᠳᠣᠷᠬᠠᠶᠢᠯᠠᠪᠠ᠃   ᠳᠥᠷᠪᠡ᠂ ︽ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠳᠤ  ᠵᠠᠰᠠᠪᠤᠷᠢ ᠣᠷᠣᠭᠤᠯᠤᠭᠰᠠᠨ ᠪᠣᠶ︖ ︵ᠨᠢᠭᠡ︶ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠶᠢ ᠲᠣᠬᠢᠷᠠᠭᠤᠯᠪᠠ    ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠪᠠᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ᠲᠡᠭᠡᠭᠰᠢᠯᠡᠬᠦᠯᠬᠦ ᠶᠢᠨ ᠬᠠᠮᠲᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠢ 24 ᠴᠠᠭ ᠤᠷᠢᠳᠴᠢᠯᠡᠨ ᠨᠡᠶᠢᠳᠡᠯᠡᠵᠤ ᠪᠠᠶᠢᠭᠰᠠᠨ ᠠᠴᠠ 48 ᠴᠠᠭ ᠪᠣᠯᠭᠠᠨ ᠲᠣᠬᠢᠷᠠᠭᠤᠯᠵᠤ᠂ ᠡᠯ᠎ᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠭᠦᠢᠴᠡᠳ ᠪᠡᠯᠡᠳᠬᠡᠯ ᠴᠠᠭ ᠬᠠᠩᠭᠠᠵᠤ᠂ ᠬᠦᠨᠳᠦ ᠪᠣᠬᠢᠷᠲᠤᠯ ᠲᠠᠢ ᠶᠠᠪᠤᠴᠠ ᠬᠦᠷᠴᠦ ᠢᠷᠡᠬᠦ ᠠᠴᠠ ᠡᠮᠦᠨ᠎ᠡ ᠡᠯ᠎ᠡ ᠵᠦᠢᠯ ᠤᠨ ᠪᠠᠴᠢᠮ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠪᠤᠢ᠃    ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠵᠢᠷᠤᠮᠵᠢᠭᠤᠯᠪᠠ    1. ︽ᠣᠽᠣᠨ ︵O3︶ ᠤ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠳᠤᠯᠳᠤ ᠴᠠᠭ ᠠᠭᠤᠷ︾ ᠤᠨ ᠠᠪᠬᠤ ᠴᠢᠬᠤᠯᠠᠲᠠᠶ ᠡᠷᠡᠭᠦᠯ ᠮᠡᠨᠳᠦ ᠶᠢᠨ ᠬᠠᠮᠠᠭᠠᠯᠠᠯᠲᠠ᠂ ᠰᠠᠨᠠᠭᠠᠴᠢᠯᠠᠭ᠎ᠠ ᠶᠢᠨ ᠴᠢᠨᠠᠷᠲᠠᠶ ᠪᠣᠬᠢᠷᠲᠤᠯ ᠤᠨ ᠭᠠᠳᠠᠭᠰᠢᠯᠠᠭᠤᠯᠤᠯᠳᠠ ᠶᠢ ᠪᠠᠭᠠᠰᠬᠠᠬᠤ ᠵᠢᠴᠢ ᠠᠯᠪᠠᠳᠠᠯᠭ᠎ᠠ ᠶᠢᠨ ᠴᠢᠨᠠᠷᠲᠠᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠥᠬᠦᠪᠥᠷᠢᠯᠡᠪᠠ᠃ 2. ᠵᠦᠷᠢᠶᠡᠴᠢᠯᠡᠭᠰᠡᠨ ᠲᠠᠰ ᠬᠤᠪᠢᠶᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠥᠬᠦᠪᠥᠷᠢᠯᠡᠵᠦ᠂ ︽ᠵᠦᠷᠢᠶᠡᠴᠢᠯᠡᠭᠰᠡᠨ ᠲᠠᠰ ᠬᠤᠪᠢᠶᠠᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠳᠡᠰ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ  ᠵᠠᠷᠴᠢᠮ ᠳᠡᠭᠡᠷ᠎ᠡ ᠪᠠᠨ ᠦᠢᠯᠡᠳᠪᠦᠷᠢᠯᠡᠬᠦ ᠶᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠥᠬᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ B ᠲᠠᠰ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ ᠪᠣᠯ ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠬᠡᠷᠡᠭᠵᠢᠭᠦᠯᠦᠨ᠎ᠡ᠄ ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠪᠠᠷ ᠳᠣᠤᠷ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠪᠣᠯ ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠡᠷᠴᠢᠮ ᠢᠶᠠᠨ ᠨᠡᠮᠡᠭᠳᠡᠭᠦᠯᠵᠦ᠂ ᠴᠢᠳᠠᠪᠤᠷᠢ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠭᠠᠷᠪᠠᠯ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠠᠪᠬᠤ ᠶᠢ ᠵᠣᠷᠢᠭᠵᠢᠭᠤᠯᠤᠨ᠎ᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号