ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠲᠤᠰᠬᠠᠶ ᠪᠠᠶᠢᠴᠠᠭᠠᠭᠰᠠᠨ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/11/5
  ᠤᠶᠢᠷ᠎ᠠ ᠳᠤ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ 24 ᠬᠤᠳᠠᠯᠳᠤᠭᠠᠴᠢᠨ ᠡᠷᠦᠬᠡ ᠶᠢ ᠡᠷᠦᠬᠡ ᠳᠠᠷᠠᠭᠠᠯᠠᠨ ᠤᠶᠢᠯᠠᠭᠠᠨ ᠵᠢᠭᠰᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠵᠡᠩᠨᠡᠨ ᠪᠣᠷᠣᠯᠠᠭᠤᠯᠬᠤ ᠡᠷᠦᠬᠡ ᠶᠢᠨ ᠨᠡᠷᠡᠰ ᠤᠨ ᠵᠢᠭᠰᠠᠭᠠᠯᠲᠠ ᠶᠢ ᠰᠢᠨᠡᠳᠬᠡᠪᠡ᠃
     ᠲᠣᠰ ᠤᠳᠠᠭ᠎ᠠ ᠬᠤᠳᠠᠯᠳᠤᠭᠠᠴᠢᠨ ᠡᠷᠦᠬᠡ ᠶᠢᠨ ᠪᠠᠷᠠᠭ᠎ᠠ ᠣᠷᠣᠭᠤᠯᠬᠤ ᠪᠠ ᠪᠣᠷᠣᠯᠠᠭᠤᠯᠬᠤ ᠡᠬᠡ ᠲᠠᠩᠰᠠ ᠳᠤ ᠴᠢᠭᠯᠡᠭᠦᠯᠦᠨ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠬᠤᠳᠠᠯᠳᠤᠭᠠᠴᠢᠨ ᠡᠷᠦᠬᠡ ᠶᠢᠨ ᠪᠠᠷᠠᠭ᠎ᠠ ᠣᠷᠣᠭᠤᠯᠬᠤ ᠪᠠ ᠪᠣᠷᠣᠯᠠᠭᠤᠯᠬᠤ ᠡᠬᠡ ᠲᠠᠩᠰᠠ ᠶᠢᠨ ᠬᠡᠯᠪᠡᠷᠢ ᠵᠢᠴᠢ ᠠᠭᠤᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠬᠤᠳᠠᠯᠳᠤᠭᠠᠴᠢᠨ ᠡᠷᠦᠬᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠠᠷᠠᠭ᠎ᠠ ᠣᠷᠣᠭᠤᠯᠤᠭᠰᠠᠨ ᠡᠳᠦᠷ ᠬᠤᠭᠤᠴᠠᠭ᠎ᠠ᠂ ᠪᠠᠷᠠᠭ᠎ᠠ ᠣᠷᠣᠭᠤᠯᠤᠭᠰᠠᠨ ᠬᠡᠮᠵᠢᠶ᠎ᠡ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠳ᠋ᠤᠭᠠᠷ ᠵᠡᠷᠭᠡ ᠶᠢ ᠣᠨᠣᠪᠴᠢᠲᠠᠶ ᠦᠨᠡᠨ ᠪᠣᠳᠠᠲᠠᠶ ᠪᠠᠷ ᠲᠠᠭᠯᠠᠨ ᠪᠢᠴᠢᠬᠦ ᠶᠢᠨ ᠬᠠᠮᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠣᠷᠣᠯᠠᠭᠤᠯᠭ᠎ᠠ ᠶᠢᠨ ᠪᠠᠶᠢᠳᠠᠯ ᠢᠶᠠᠨ ᠴᠠᠭ ᠲᠤᠬᠠᠶ ᠳᠤᠨᠢ ᠰᠢᠨᠡᠳᠬᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠨᠠᠶᠢᠳᠠᠪᠤᠷᠢᠲᠠᠶ ᠵᠠᠬ᠎ᠠ ᠳᠡᠯᠭᠡᠭᠦᠷ ᠲᠤ ᠣᠷᠣᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
     ᠲᠤᠬᠠᠶ ᠶᠢᠨ ᠲᠠᠯᠠᠪᠤᠷ ᠲᠤ ᠬᠤᠳᠠᠯᠳᠤᠭᠠᠴᠢᠨ ᠡᠷᠦᠬᠡ ᠲᠠᠢ ᠶᠠᠷᠢᠯᠴᠠᠵᠤ᠂ ᠬᠤᠳᠠᠯᠳᠤᠭᠠᠴᠢᠨ ᠡᠷᠦᠬᠡ ᠶᠢ ᠱᠠᠯᠠᠪᠳᠠᠭᠤᠯᠵᠤ ᠪᠠᠶᠢᠭᠠᠳ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠴᠢᠬᠤᠯᠠᠴᠢᠯᠠᠨ ᠲᠡᠭᠦᠯᠳᠡᠷᠵᠢᠭᠦᠯᠵᠦ᠂ ᠬᠠᠷᠢᠭᠤᠴᠠᠯᠭᠠᠲᠠᠨ ᠪᠠ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠤᠯᠭᠠᠨ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠳᠣᠭᠢᠷᠠᠭᠤᠯᠬᠤ︾ ᠠᠵᠢᠯ ᠤᠨ ᠲᠣᠭᠲᠠᠴᠠ ᠶᠢ ᠴᠠᠭ ᠲᠤᠬᠠᠶ ᠳᠤᠨᠢ ᠠᠬᠢᠭᠤᠯᠪᠠ᠃  
 
ᠢᠷᠡᠯᠲᠡ᠄ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号