ᠬᠢᠩᠭᠠᠨ ᠠᠶᠢᠮᠠᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠰᠠᠭᠤᠭᠠᠯᠢ ᠠᠷᠠᠳ ᠲᠤ ᠢᠳᠡᠭᠡᠨ ᠤᠮᠳᠠᠭᠠᠨ ᠤ ᠠᠮᠤᠷ ᠲᠦᠪᠰᠢᠨ ᠬᠢᠭᠡᠳ ᠡᠷᠡᠭᠦᠯ ᠮᠡᠨᠳᠤ ᠶᠢᠨ ᠲᠠᠶᠢᠯᠤᠮᠵᠢ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2024/11/6
    ᠤᠶᠢᠷ᠎ᠠ ᠳᠤ᠂ ᠬᠢᠩᠭᠠᠨ ᠠᠶᠢᠮᠠᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠢᠨ ᠤᠯᠠᠭᠠᠨᠬᠤᠲᠠ ᠶᠢᠨ ᠳᠠᠮᠤᠷ ᠵᠠᠮ ᠤᠨ ᠪᠠᠷᠠᠭᠤᠨᠳᠡᠬᠢ ᠭᠡᠷᠡᠭ ᠡᠷᠬᠢᠯᠡᠬᠦ ᠭᠠᠵᠠᠷ ᠤᠨ ᠵᠢᠶ ᠴᠢᠩ ᠨᠡᠶᠢᠭᠡᠮ ᠲᠣᠭᠤᠷᠢᠭ ᠲᠤ ᠢᠳᠡᠭᠡᠨ ᠤᠮᠳᠠᠭᠠᠨ ᠤ ᠠᠮᠤᠷ ᠲᠦᠪᠰᠢᠨ ᠬᠢᠬᠡᠳ ᠡᠷᠡᠭᠦᠯ ᠡᠩᠭᠡ ᠶᠢᠨ ᠮᠡᠳᠡᠯᠭᠡ ᠶᠢᠨ ᠲᠠᠶᠢᠯᠤᠮᠵᠢ ᠵᠢᠴᠢ ᠠᠯᠪᠠᠨ ᠵᠢᠷᠤᠮ ᠤᠨ ᠡᠮᠴᠢᠯᠡᠭᠡᠨ ᠬᠢᠵᠠᠢ᠃     ᠲᠤᠰ ᠤᠳᠠᠭ᠎ᠠ ᠲᠠᠳᠡ ᠢᠳᠡᠭᠡᠨ ᠤᠮᠳᠠᠭᠠᠨ ᠤ ᠠᠮᠤᠷ ᠲᠦᠪᠰᠢᠨ ᠬᠢᠭᠡᠳ ᠡᠷᠡᠭᠦᠯ ᠮᠡᠨᠳᠦ ᠪᠠᠷ ᠭᠤᠤᠯ ᠰᠡᠳᠦᠪ ᠪᠣᠯᠭᠠᠵᠤ᠂ ᠪᠠᠭᠰᠢ ᠠᠴᠠ ᠡᠷᠡᠭᠦᠯ ᠴᠢᠬᠢᠷᠠᠬ ᠢᠳᠡᠭᠡᠨ ᠤᠮᠳᠠᠭᠠᠨ ᠵᠢᠴᠢ ᠡᠳᠦᠷ ᠲᠤᠲᠤᠮ ᠤᠨ ᠢᠳᠡᠭᠡᠨ ᠤᠮᠳᠠᠭᠠᠨ ᠢ ᠵᠣᠬᠢᠰᠲᠠᠶ ᠲᠣᠬᠢᠷᠠᠭᠤᠯᠬᠤ ᠳᠤ ᠠᠩᠬᠠᠷᠬᠤ ᠵᠦᠢᠯᠡᠰ ᠢ ᠨᠠᠷᠢᠨ ᠨᠢᠮᠪᠠᠢ ᠤᠬᠠᠭᠤᠯᠤᠨ᠂ ᠡᠳᠦᠷ ᠲᠤᠲᠤᠮ ᠤᠨ ᠢᠳᠡᠭᠡᠨ ᠤᠮᠳᠠᠭᠠᠨ ᠤ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠰᠢᠮ᠎ᠡ ᠲᠡᠵᠢᠭᠡᠯ ᠪᠠ ᠡᠷᠡᠭᠦᠯ ᠮᠡᠨᠳᠦ ᠶᠢᠨ ᠲᠠᠯ᠎ᠠ ᠪᠠᠷ ᠵᠠᠳᠠᠯᠤᠨ ᠳᠠᠶᠢᠯᠪᠤᠷᠢᠯᠠᠪᠠ᠃ ᠮᠦᠨ ᠰᠢᠮ᠎ᠡ ᠲᠡᠵᠢᠭᠡᠯ ᠢ ᠲᠡᠩᠴᠡᠭᠦᠷᠢᠲᠡᠶ ᠪᠠᠶᠢᠯᠭᠠᠬᠤ ᠨᠢ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠳᠤ ᠦᠵᠡᠭᠦᠯᠬᠦ ᠴᠢᠬᠤᠯᠠ ᠴᠢᠨᠠᠷ ᠢ ᠣᠯᠠᠨ ᠳᠤ ᠣᠶᠢᠯᠠᠭᠠᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠵᠥᠪ ᠣᠶᠢᠯᠠᠭᠠᠭᠳᠠᠬᠤᠨ ᠢ ᠪᠣᠶ ᠪᠣᠯᠭᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠤᠷᠳᠠᠯᠴᠢᠯᠠᠵᠠᠢ᠃ ᠲᠠᠶᠢᠯᠤᠮᠵᠢ ᠶᠢᠨ ᠳᠠᠷᠠᠭ᠎ᠠ᠂ ᠡᠮᠴᠢᠯᠡᠭᠡᠨ ᠤ ᠠᠵᠢᠯᠲᠠᠳ ᠣᠯᠠᠨ ᠲᠦᠮᠡᠨ ᠤ ᠴᠢᠰᠤᠨ ᠳᠠᠷᠤᠯᠲᠠ ᠪᠠ ᠴᠢᠰᠤᠨ ᠰᠢᠬᠢᠷ ᠢ ᠭᠡᠮᠵᠢᠵᠦ᠂ ᠴᠢᠩᠨᠠᠭᠤᠷ ᠢᠶᠠᠷ ᠣᠨᠣᠰᠢᠯᠠᠨ ᠪᠠᠶᠢᠴᠠᠭᠠᠯᠲᠠ ᠬᠢᠵᠦ᠂ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠤᠳᠠᠭᠠᠨ ᠴᠢᠨᠠᠷᠲᠠᠶ ᠡᠪᠡᠳᠴᠢᠨ ᠢ ᠬᠠᠨᠳᠤᠯᠭᠠᠲᠤ ᠴᠢᠨᠠᠷᠲᠠᠶ ᠵᠠᠰᠠᠬᠤ ᠲᠤᠬᠠᠢ ᠵᠢᠯᠣᠭᠤᠳᠣᠯᠭ᠎ᠠ ᠬᠢᠪᠡ᠃                                                                        ︵ᡁᠢ ᠮᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号