ᠤᠯᠠᠭᠠᠨᠬᠤᠳᠠ ᠶᠢᠨ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠬᠤᠪᠢ ᠬᠤᠷᠠᠮᠳᠤᠭᠤᠯᠬᠤ ᠠᠷᠭ᠎ᠠ ᠪᠠᠷ ᠬᠦᠳᠡᠭᠡ ᠲᠤᠰᠬᠤᠨ ᠢ ᠴᠡᠭᠴᠡᠯᠡᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2024/11/6
   ᠤᠯᠠᠨ ᠲᠦᠮᠡᠨ ᠤ ᠬᠦᠳᠡᠭᠡ ᠲᠤᠰᠬᠤᠨ ᠢ ᠴᠡᠭᠴᠡᠯᠡᠨ ᠵᠠᠰᠠᠬᠤ ᠳᠤ ᠤᠷᠤᠯᠴᠠᠬᠤ ᠢᠳᠡᠪᠬᠢ ᠴᠢᠨᠠᠷ᠂ ᠰᠠᠨᠠᠭᠠᠴᠢᠯᠠᠭᠠᠳᠤ ᠴᠢᠨᠠᠷ ᠪᠠ ᠰᠢᠨ᠎ᠠ ᠶᠢ ᠡᠬᠦᠳᠬᠦ ᠴᠢᠨᠠᠷ ᠢ ᠤᠷᠮᠠᠰᠢᠭᠤᠯᠬᠤ ᠪᠠᠷ ᠤᠯᠠᠭᠠᠨᠬᠤᠳᠠ ᠶᠢᠨ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠰᠢᠶᠠᠩ ᠶᠠᠩ ᠲᠤᠰᠬᠤᠨ ᠢᠶᠠᠷ ᠲᠤᠷᠰᠢᠯᠳᠠ ᠶᠢᠨ ᠴᠡᠭ ᠪᠤᠯᠭᠠᠨ᠂ ︽1211︾ ᠬᠤᠪᠢ ᠬᠤᠷᠠᠮᠳᠤᠭᠤᠯᠵᠦ ᠬᠠᠮᠢᠶᠠᠷᠬᠤ ᠠᠷᠭ᠎ᠠ ᠶᠢ ᠰᠦᠪᠡᠭᠴᠢᠯᠡᠵᠤ᠂ ᠲᠤᠰᠬᠤᠨ ᠤ ᠠᠷᠠᠳ ᠢ ᠤᠷᠮᠠᠰᠢᠭᠤᠯᠤᠨ᠂ ᠬᠦᠳᠡᠭᠡ ᠲᠤᠰᠬᠤᠨ ᠢ ᠰᠠᠶᠢᠳᠤᠷ ᠴᠡᠭᠴᠡᠯᠡᠨ ᠵᠠᠰᠠᠵᠦ ᠪᠠᠶᠢᠨ᠎ᠠ᠃    ᠰᠢᠶᠠᠩ ᠶᠠᠩ ᠲᠤᠰᠬᠤᠨ ᠪᠤᠳᠠᠳᠠᠢ ᠪᠠᠶᠢᠳᠠᠯ ᠢᠶᠠᠨ ᠦᠨᠳᠤᠰᠤᠯᠡᠨ᠂ ᠤᠯᠠᠨ ᠤ ᠰᠠᠨᠠᠯ ᠢ ᠬᠤᠷᠢᠶᠠᠵᠤ᠂ ︽ᠰᠢᠶᠠᠩ ᠶᠠᠩ ᠲᠤᠰᠬᠤᠨ ᠤ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠳᠠ ᠶᠢᠨ ᠠᠷᠭ᠎ᠠ︾ ᠶᠢ ᠲᠤᠭᠳᠠᠭᠠᠨ᠂ ᠬᠤᠪᠢ ᠬᠤᠷᠠᠮᠳᠤᠭᠤᠯᠬᠤ ᠪᠤᠳᠠᠳᠠᠢ ᠠᠭᠤᠯᠭ᠎ᠠ᠂ ᠵᠤᠬᠢᠶᠠᠨ ᠪᠠᠶᠢᠭᠤᠯᠵᠦ ᠬᠡᠷᠡᠭᠵᠢᠬᠦᠯᠬᠦ᠂ ᠪᠠᠳᠤᠯᠠᠭ᠎ᠠ ᠶᠢᠨ ᠠᠷᠭ᠎ᠠ ᠠᠪᠴᠠᠯ ᠵᠡᠷᠭᠡ ᠶᠢ ᠲᠤᠳᠤᠷᠬᠠᠶᠢᠯᠠᠵᠠᠢ᠃ ᠪᠠᠰᠠ ᠲᠤᠰᠬᠤᠨ ᠤ ᠲᠤᠤᠷᠵᠢᠭᠤᠯᠤᠯᠳᠠ ᠪᠠᠷ ᠠᠴᠢᠶᠠᠯᠠᠭᠴᠢ ᠪᠤᠯᠭᠠᠨ᠂ ᠲᠤᠤᠷᠵᠢᠭᠤᠯᠤᠭᠴᠢ ᠪᠠᠷ ᠬᠤᠪᠢ ᠲᠡᠮᠳᠡᠭᠯᠡᠬᠦᠯᠵᠦ᠂ ᠬᠤᠪᠢ ᠬᠤᠷᠠᠮᠳᠤᠭᠤᠯᠬᠤ ᠠᠵᠢᠯ ᠢ ᠲᠦᠷᠢᠮᠵᠢᠬᠦᠯᠪᠡ᠃ ᠤᠷᠤᠰᠢᠨ ᠰᠠᠭᠤᠷᠢᠰᠢᠬᠤ ᠳᠤ ᠲᠠᠭᠠᠯᠠᠮᠵᠢᠳᠠᠢ᠂ ᠴᠡᠭᠴᠡᠯᠡᠨ ᠵᠠᠰᠠᠬᠰᠠᠨ ᠨᠢ ᠪᠦᠳᠤᠮᠵᠢᠳᠠᠢ᠂ ᠠᠵᠤ ᠦᠢᠯᠡᠰ ᠨᠢ ᠴᠡᠴᠡᠭᠯᠡᠨ ᠬᠦᠭᠵᠢᠭᠰᠡᠨ᠂ ᠪᠠᠶᠠᠵᠢᠯ ᠤᠨ ᠵᠠᠮ ᠢᠶᠠᠷ ᠲᠠᠶᠢᠴᠢᠯᠠᠨ ᠲᠠᠭᠠᠭᠤᠯᠤᠭᠰᠠᠨ᠂ ᠬᠦᠳᠡᠭᠡ ᠲᠤᠰᠬᠤᠨ ᠤ ᠬᠡᠪ ᠰᠤᠷᠳᠠᠯ ᠪᠤᠯᠪᠠᠰᠤᠨ ᠵᠡᠷᠭᠡ ᠪᠠᠷ ᠬᠤᠪᠢ ᠨᠡᠮᠡᠬᠦ ᠡᠯᠤᠮᠤᠨ᠋ᠲ ᠪᠤᠯᠭᠠᠵᠦ᠂ ᠬᠠᠥᠯᠢ ᠲᠦᠷᠢᠮ ᠠᠴᠠ ᠵᠦᠷᠢᠴᠡᠭᠰᠡᠨ᠂ ᠬᠦᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠨᠦᠯᠤᠭᠡᠯᠡᠭᠰᠡᠨ᠂ ᠤᠷᠴᠢᠨ ᠲᠤᠭᠤᠷᠢᠨ ᠤ ᠠᠷᠢᠭᠤᠨ ᠴᠡᠪᠡᠷ ᠢ ᠡᠪᠳᠡᠭᠰᠡᠨ ᠵᠡᠷᠭᠡ ᠶᠢ ᠦᠨᠳᠦᠰᠦᠯᠡᠨ ᠬᠤᠪᠢ ᠬᠠᠰᠤᠵᠦ᠂ ᠱᠠᠩᠨᠠᠵᠦ ᠲᠤᠷᠭᠠᠬᠤ ᠲᠤᠭᠳᠠᠴᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠂ ᠲᠤᠰᠬᠤᠨ ᠤ ᠠᠷᠠᠳ ᠤᠨ ᠡᠳᠤᠷ ᠲᠤᠳᠤᠮ ᠤᠨ ᠠᠮᠢᠳᠤᠷᠠᠯ ᠢ ᠡᠮᠬᠢ ᠲᠢᠭᠯᠢᠮ ᠲᠠᠢ ᠪᠤᠯᠭᠠᠵᠠᠢ᠃                                                                        ︵ᠴᠤᠯᠮᠤᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号