| ᠤᠯᠠᠨ ᠲᠦᠮᠡᠨ ᠤ ᠬᠦᠳᠡᠭᠡ ᠲᠤᠰᠬᠤᠨ ᠢ ᠴᠡᠭᠴᠡᠯᠡᠨ ᠵᠠᠰᠠᠬᠤ ᠳᠤ ᠤᠷᠤᠯᠴᠠᠬᠤ ᠢᠳᠡᠪᠬᠢ ᠴᠢᠨᠠᠷ᠂ | ᠰᠠᠨᠠᠭᠠᠴᠢᠯᠠᠭᠠᠳᠤ ᠴᠢᠨᠠᠷ ᠪᠠ ᠰᠢᠨ᠎ᠠ ᠶᠢ ᠡᠬᠦᠳᠬᠦ ᠴᠢᠨᠠᠷ ᠢ ᠤᠷᠮᠠᠰᠢᠭᠤᠯᠬᠤ ᠪᠠᠷ ᠤᠯᠠᠭᠠᠨᠬᠤᠳᠠ ᠶᠢᠨ ᠰᠡᠷᠬᠡᠨ ᠤᠳᠤ | ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠰᠢᠶᠠᠩ ᠶᠠᠩ ᠲᠤᠰᠬᠤᠨ ᠢᠶᠠᠷ ᠲᠤᠷᠰᠢᠯᠳᠠ ᠶᠢᠨ ᠴᠡᠭ ᠪᠤᠯᠭᠠᠨ᠂ | ︽1211︾ ᠬᠤᠪᠢ ᠬᠤᠷᠠᠮᠳᠤᠭᠤᠯᠵᠦ ᠬᠠᠮᠢᠶᠠᠷᠬᠤ ᠠᠷᠭ᠎ᠠ ᠶᠢ ᠰᠦᠪᠡᠭᠴᠢᠯᠡᠵᠤ᠂ ᠲᠤᠰᠬᠤᠨ ᠤ ᠠᠷᠠᠳ ᠢ | ᠤᠷᠮᠠᠰᠢᠭᠤᠯᠤᠨ᠂ ᠬᠦᠳᠡᠭᠡ ᠲᠤᠰᠬᠤᠨ ᠢ ᠰᠠᠶᠢᠳᠤᠷ ᠴᠡᠭᠴᠡᠯᠡᠨ ᠵᠠᠰᠠᠵᠦ ᠪᠠᠶᠢᠨ᠎ᠠ᠃ | ᠰᠢᠶᠠᠩ ᠶᠠᠩ ᠲᠤᠰᠬᠤᠨ ᠪᠤᠳᠠᠳᠠᠢ ᠪᠠᠶᠢᠳᠠᠯ ᠢᠶᠠᠨ ᠦᠨᠳᠤᠰᠤᠯᠡᠨ᠂ ᠤᠯᠠᠨ ᠤ ᠰᠠᠨᠠᠯ ᠢ ᠬᠤᠷᠢᠶᠠᠵᠤ᠂ ︽ | ᠰᠢᠶᠠᠩ ᠶᠠᠩ ᠲᠤᠰᠬᠤᠨ ᠤ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠳᠠ ᠶᠢᠨ ᠠᠷᠭ᠎ᠠ︾ ᠶᠢ ᠲᠤᠭᠳᠠᠭᠠᠨ᠂ | ᠬᠤᠪᠢ ᠬᠤᠷᠠᠮᠳᠤᠭᠤᠯᠬᠤ ᠪᠤᠳᠠᠳᠠᠢ ᠠᠭᠤᠯᠭ᠎ᠠ᠂ ᠵᠤᠬᠢᠶᠠᠨ ᠪᠠᠶᠢᠭᠤᠯᠵᠦ ᠬᠡᠷᠡᠭᠵᠢᠬᠦᠯᠬᠦ᠂ ᠪᠠᠳᠤᠯᠠᠭ᠎ᠠ ᠶᠢᠨ ᠠᠷᠭ᠎ᠠ | ᠠᠪᠴᠠᠯ ᠵᠡᠷᠭᠡ ᠶᠢ ᠲᠤᠳᠤᠷᠬᠠᠶᠢᠯᠠᠵᠠᠢ᠃ ᠪᠠᠰᠠ ᠲᠤᠰᠬᠤᠨ ᠤ ᠲᠤᠤᠷᠵᠢᠭᠤᠯᠤᠯᠳᠠ ᠪᠠᠷ ᠠᠴᠢᠶᠠᠯᠠᠭᠴᠢ ᠪᠤᠯᠭᠠᠨ᠂ | ᠲᠤᠤᠷᠵᠢᠭᠤᠯᠤᠭᠴᠢ ᠪᠠᠷ ᠬᠤᠪᠢ ᠲᠡᠮᠳᠡᠭᠯᠡᠬᠦᠯᠵᠦ᠂ ᠬᠤᠪᠢ ᠬᠤᠷᠠᠮᠳᠤᠭᠤᠯᠬᠤ ᠠᠵᠢᠯ ᠢ ᠲᠦᠷᠢᠮᠵᠢᠬᠦᠯᠪᠡ᠃ | ᠤᠷᠤᠰᠢᠨ ᠰᠠᠭᠤᠷᠢᠰᠢᠬᠤ ᠳᠤ ᠲᠠᠭᠠᠯᠠᠮᠵᠢᠳᠠᠢ᠂ ᠴᠡᠭᠴᠡᠯᠡᠨ ᠵᠠᠰᠠᠬᠰᠠᠨ ᠨᠢ ᠪᠦᠳᠤᠮᠵᠢᠳᠠᠢ᠂ ᠠᠵᠤ ᠦᠢᠯᠡᠰ ᠨᠢ | ᠴᠡᠴᠡᠭᠯᠡᠨ ᠬᠦᠭᠵᠢᠭᠰᠡᠨ᠂ ᠪᠠᠶᠠᠵᠢᠯ ᠤᠨ ᠵᠠᠮ ᠢᠶᠠᠷ ᠲᠠᠶᠢᠴᠢᠯᠠᠨ ᠲᠠᠭᠠᠭᠤᠯᠤᠭᠰᠠᠨ᠂ ᠬᠦᠳᠡᠭᠡ ᠲᠤᠰᠬᠤᠨ ᠤ ᠬᠡᠪ | ᠰᠤᠷᠳᠠᠯ ᠪᠤᠯᠪᠠᠰᠤᠨ ᠵᠡᠷᠭᠡ ᠪᠠᠷ ᠬᠤᠪᠢ ᠨᠡᠮᠡᠬᠦ ᠡᠯᠤᠮᠤᠨ᠋ᠲ ᠪᠤᠯᠭᠠᠵᠦ᠂ ᠬᠠᠥᠯᠢ ᠲᠦᠷᠢᠮ ᠠᠴᠠ ᠵᠦᠷᠢᠴᠡᠭᠰᠡᠨ᠂ | ᠬᠦᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠨᠦᠯᠤᠭᠡᠯᠡᠭᠰᠡᠨ᠂ ᠤᠷᠴᠢᠨ ᠲᠤᠭᠤᠷᠢᠨ ᠤ ᠠᠷᠢᠭᠤᠨ ᠴᠡᠪᠡᠷ ᠢ ᠡᠪᠳᠡᠭᠰᠡᠨ | ᠵᠡᠷᠭᠡ ᠶᠢ ᠦᠨᠳᠦᠰᠦᠯᠡᠨ ᠬᠤᠪᠢ ᠬᠠᠰᠤᠵᠦ᠂ ᠱᠠᠩᠨᠠᠵᠦ ᠲᠤᠷᠭᠠᠬᠤ ᠲᠤᠭᠳᠠᠴᠠ ᠶᠢ ᠰᠢᠨᠵᠢᠯᠡᠬᠦ ᠤᠬᠠᠭᠠᠨᠴᠢ ᠪᠠᠷ | ᠬᠡᠷᠡᠭᠵᠢᠭᠦᠯᠦᠨ᠂ ᠲᠤᠰᠬᠤᠨ ᠤ ᠠᠷᠠᠳ ᠤᠨ ᠡᠳᠤᠷ ᠲᠤᠳᠤᠮ ᠤᠨ ᠠᠮᠢᠳᠤᠷᠠᠯ ᠢ ᠡᠮᠬᠢ ᠲᠢᠭᠯᠢᠮ ᠲᠠᠢ ᠪᠤᠯᠭᠠᠵᠠᠢ᠃ | ︵ᠴᠤᠯᠮᠤᠨ︶ |