ᠨᠠᠶᠢᠳᠠᠨ ᠬᠠᠮᠢᠶᠠᠷᠬᠤ ᠦᠢᠯᠡᠴᠢᠯᠡᠭᠡ ᠪᠠᠷ ᠠᠷᠠᠳ ᠤᠨ ᠤᠷᠤᠯᠭ᠎ᠠ ᠶᠢ ᠨᠡᠮᠡᠭᠳᠡᠭᠦᠯᠵᠦ ᠪᠠᠶᠢᠭ᠎ᠠ ᠲᠤᠬᠠᠢ ᠪᠠᠶᠠᠨᠬᠤᠸᠠ ᠭᠠᠴᠠᠭ᠎ᠠ
ᠨᠡᠶᠢᠲᠡᠯᠡᠭᠰᠡᠨ ᠴᠠᠭ᠄
2024/11/6
  ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤᠨ ᠤ ᠪᠠᠶᠠᠨᠬᠤᠸᠠ ᠭᠠᠴᠠᠭ᠎ᠠ ᠲᠠᠷᠢᠶ᠎ᠠ᠂ ᠪᠡᠯᠡ ᠮᠦᠩᠬᠦ᠂ ᠮᠠᠰᠢᠨ ᠮᠧᠬᠠᠨᠢᠭ ᠤᠨ ᠡᠬᠢ ᠪᠠᠶᠠᠯᠢᠭ ᠢᠶᠠᠨ ᠢᠳᠡᠪᠬᠢᠳᠠᠢ ᠨᠡᠶᠢᠳᠭᠡᠵᠤ᠂ ᠲᠠᠷᠢᠶ᠎ᠠ ᠶᠢ ᠨᠠᠶᠢᠳᠠᠨ ᠬᠠᠮᠢᠶᠠᠷᠴᠤ᠂ ︽ᠤᠷᠤᠯᠠᠨ ᠲᠠᠷᠢᠵᠤ ᠬᠤᠷᠢᠶᠠᠬᠤ︾ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨ᠂ ᠠᠷᠠᠳ ᠤᠨ ᠤᠷᠤᠯᠭ᠎ᠠ ᠶᠢ ᠨᠡᠮᠡᠭᠳᠡᠭᠦᠯᠵᠦ ᠪᠠᠶᠢᠨ᠎ᠠ᠃    ᠤᠶᠢᠷ᠎ᠠ ᠶᠢᠨ ᠡᠳᠤᠷ᠂ ᠭᠡᠭᠡᠨᠰᠦ᠋ᠮ᠎ᠠ ᠪᠠᠯᠭᠠᠰᠤᠨ ᠤ ᠪᠠᠶᠠᠨᠬᠤᠸᠠ ᠭᠠᠴᠠᠭᠠᠨ ᠤ ᠨᠠᠮ ᠤᠨ ᠡᠬᠦᠷ ︽ᠲᠠᠷᠢᠶᠠᠯᠠᠩ ᠠᠵᠤ ᠦᠢᠯᠡᠰ ᠤᠨ ᠬᠤᠯᠪᠤᠭᠠᠳᠤ ᠴᠤᠭᠴᠠ ᠶᠢᠨ ᠬᠤᠷᠰᠢᠶ᠎ᠠ︾ ᠶᠢᠨ ᠮᠠᠰᠢᠨ ᠢ ᠠᠪᠴᠢᠷᠠᠨ ᠭᠠᠴᠠᠭᠠᠨ ᠤ ᠪᠠᠨ ᠡᠷᠳᠡᠨᠢ ᠰᠢᠰᠢ ᠶᠢ ᠬᠤᠷᠢᠶᠠᠵᠦ ᠪᠠᠶᠢᠯ᠎ᠠ᠃ ᠲᠤᠰ ᠬᠤᠷᠰᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ︽ᠤᠷᠤᠯᠠᠨ ᠲᠠᠷᠢᠵᠤ ᠬᠤᠷᠢᠶᠠᠬᠤ︾ ᠨᠡᠶᠢᠭᠡᠮᠴᠢᠯᠡᠭᠰᠡᠨ ᠦᠢᠯᠡᠴᠢᠯᠡᠭᠡᠨ ᠦᠷᠨᠢᠬᠦᠯᠵᠦ᠂ ᠲᠠᠷᠢᠶᠠᠴᠢᠳ ᠲᠤ ᠲᠠᠷᠢᠬᠤ᠂ ᠰᠡᠷᠭᠡᠶᠢᠯᠡᠬᠦ᠂ ᠬᠤᠷᠢᠶᠠᠬᠤ ᠦᠢᠯᠡᠴᠢᠯᠡᠭᠡ ᠬᠠᠩᠭᠠᠨ᠂ ᠲᠠᠷᠢᠶ᠎ᠠ ᠶᠢ ᠬᠡᠪᠴᠢᠶᠡᠵᠢᠭᠦᠯᠵᠦ ᠮᠧᠬᠠᠨᠢᠬᠵᠢᠭᠤᠯᠤᠭᠠᠳ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠥᠭᠰᠡᠨ ᠢᠶᠠᠷ ᠪᠠᠷᠠᠬᠤ ᠦᠭᠡᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠲᠠᠷᠢᠶᠠᠯᠠᠩ ᠢ ᠤᠳᠤᠬᠢᠴᠢᠯᠠᠬᠤ ᠬᠠᠷᠠᠯᠳᠠ ᠳᠠᠭᠠᠨ ᠬᠦᠷᠴᠠᠢ᠃    ︽ᠤᠷᠤᠯᠠᠨ ᠲᠠᠷᠢᠵᠤ ᠬᠤᠷᠢᠶᠠᠬᠤ︾ ᠨᠡᠶᠢᠭᠡᠮᠴᠢᠯᠡᠭᠰᠡᠨ ᠦᠢᠯᠡᠴᠢᠯᠡᠭᠡᠨ ᠬᠠᠩᠭᠠᠬᠰᠠᠨ ᠠᠴᠠ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠦᠭᠰᠡᠨ ᠪᠦᠭᠡᠳ ᠲᠠᠷᠢᠶᠠᠴᠢᠳ ᠤᠨ ᠭᠠᠳᠠᠬᠰᠢ ᠭᠠᠷᠴᠤ ᠬᠦᠯᠤᠰᠤᠨ ᠠᠵᠢᠯ ᠬᠢᠬᠦ ᠪᠠ ᠲᠡᠵᠢᠭᠡᠪᠦᠷᠢ ᠶᠢᠨ ᠦᠢᠯᠡᠰ ᠡᠷᠭᠢᠯᠡᠬᠦ ᠶᠢ ᠲᠠᠶᠢᠴᠢᠯᠠᠵᠦ᠂ ᠤᠷᠤᠯᠭ᠎ᠠ ᠶᠢ ᠨᠢ ᠨᠡᠮᠡᠭᠳᠡᠬᠦᠯᠪᠠ᠃    ᠤᠶᠢᠯᠠᠭᠠᠭᠰᠠᠨ ᠢᠶᠠᠷ᠂ ᠡᠨᠡ ᠵᠢᠯ ᠪᠠᠶᠠᠨᠬᠤᠸᠠ ᠭᠠᠴᠠᠭ᠎ᠠ 53 ᠡᠷᠤᠬᠡ ᠶᠢᠨ 6851 ᠮᠤ᠋ ᠲᠠᠷᠢᠶ᠎ᠠ ᠶᠢ ᠨᠠᠶᠢᠳᠠᠨ ᠬᠠᠮᠢᠶᠠᠷᠴᠤ᠂ ᠬᠤᠷᠰᠢᠶ᠎ᠠ ᠠᠴᠠ 4611 ᠮᠤ᠋ ᠲᠠᠷᠢᠶᠠᠨ ᠳᠤ ︽ᠤᠷᠤᠯᠠᠨ ᠲᠠᠷᠢᠵᠤ ᠬᠤᠷᠢᠶᠠᠬᠤ︾ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠠᠢ᠃ ᠡᠭᠦᠨ ᠳᠤ 20 ᠢᠯᠡᠭᠦᠤ ᠲᠠᠷᠢᠶᠠᠴᠢᠨ ᠭᠠᠳᠠᠬᠰᠢ ᠭᠠᠷᠴᠤ ᠬᠦᠯᠤᠰᠤᠨ ᠠᠵᠢᠯ ᠬᠢᠵᠤ᠂ 10 ᠭᠠᠷᠤᠢ ᠲᠠᠷᠢᠶᠠᠴᠢᠨ ᠲᠡᠵᠢᠭᠡᠪᠦᠷᠢ ᠶᠢᠨ ᠦᠢᠯᠡᠰ ᠡᠷᠬᠢᠯᠡᠨ᠂ 7 ᠬᠦᠮᠦᠨ ᠰᠤᠯᠠ ᠠᠵᠢᠯ ᠬᠢᠵᠦ᠂ ᠪᠦᠬᠦ ᠭᠠᠴᠠᠭᠠᠨ ᠤ ᠨᠡᠶᠢᠳᠠ ᠶᠢᠨ ᠠᠵᠤ ᠠᠬᠤᠢ ᠶᠢ ᠬᠦᠭᠵᠢᠭᠦᠯᠵᠦ᠂ ᠠᠷᠠᠳ ᠤᠨ ᠤᠷᠤᠯᠭ᠎ᠠ ᠶᠢ ᠨᠡᠮᠡᠭᠳᠡᠭᠦᠯᠵᠠᠢ᠃                                   ︵ᠴᠤᠯᠮᠤᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号