ᠠᠷᠠᠳ ᠤᠨ ᠬᠠᠮᠵᠢᠯᠴᠠᠭ᠎ᠠ ᠶᠢ ᠠᠬᠢᠭᠤᠯᠵᠦ ᠠᠮᠤᠷ ᠲᠤᠬᠳᠠᠭᠤᠨ ᠤᠷᠴᠢᠨ ᠲᠤᠭᠤᠷᠢᠨ ᠢ ᠡᠭᠦᠳᠴᠤ ᠪᠠᠶᠢᠭ᠎ᠠ ᠤᠯᠠᠭᠠᠨᠬᠤᠳᠠ ᠶᠢᠨ ᠬᠤᠶᠢᠳᠦ ᠳᠡᠬᠦᠷᠭᠡ ᠳᠤᠳᠤᠭᠠᠳᠦ ᠶᠢ ᠬᠠᠮᠠᠭᠠᠯᠠᠬᠤ ᠰᠠᠯᠪᠤᠷᠢ ᠴᠠᠬᠳᠠᠭ᠎ᠠ
ᠨᠡᠶᠢᠲᠡᠯᠡᠭᠰᠡᠨ ᠴᠠᠭ᠄
2024/11/6
   ᠴᠠᠭᠳᠠᠭ᠎ᠠ ᠠᠷᠠᠳ ᠤᠨ ᠵᠢᠭᠠᠰᠦ ᠤᠰᠤᠨ ᠤ ᠬᠠᠷᠢᠴᠠᠭ᠎ᠠ ᠶᠢ ᠨᠢᠬᠳᠠᠷᠠᠭᠤᠯᠤᠨ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠲᠤᠭᠤᠷᠢᠭ ᠢ ᠪᠦᠳᠦᠭᠡᠨ ᠪᠠᠶᠢᠭᠤᠯᠬᠤ ᠪᠠᠷ᠂ ᠣᠶᠢᠷ᠎ᠠ ᠳᠤ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠶᠢᠲᠤ ᠲᠡᠭᠦᠷᠭᠡ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠬᠢᠨ ᠬᠠᠷᠢᠶᠠᠳᠦ ᠤᠷᠤᠨ ᠤ ᠰᠢᠩ ᠪᠸᠢ ᠨᠡᠶᠢᠭᠡᠮ ᠲᠣᠭᠤᠷᠢᠭ᠂ ᠬᠤᠸᠠᠨ ᠱᠠᠨ ᠨᠡᠶᠢᠭᠡᠮ ᠲᠣᠭᠤᠷᠢᠭ ᠢᠶᠠᠷ ᠴᠠᠬᠳᠠᠭ᠎ᠠ ᠠᠷᠠᠳ ᠤᠨ ᠶᠠᠷᠢᠯᠴᠠᠬᠤ ᠬᠤᠷᠠᠯ ᠬᠢᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠤᠨ᠂ ᠵᠥᠷᠢᠴᠡᠯ ᠵᠢᠭᠤᠷᠠᠯᠳᠤᠭᠠᠨ ᠢ ᠰᠠᠶᠢᠳᠤᠷ ᠰᠢᠢᠳᠪᠦᠷᠢᠯᠡᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠪᠡ᠃    ᠠᠷᠠᠳ ᠤᠨ ᠴᠠᠭᠳᠠᠭ᠎ᠠ ᠬᠤᠷᠠᠯ ᠳᠤ ᠤᠷᠤᠯᠴᠠᠬᠰᠠᠳ ᠲᠤ ᠬᠠᠷᠢᠶᠠᠳᠦ ᠣᠷᠣᠨ ᠤ ᠪᠠᠨ ᠣᠶᠢᠷ᠎ᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ ᠠᠵᠢᠯ ᠪᠠ ᠰᠠᠭᠤᠭᠠᠯᠢ ᠠᠷᠠᠳ ᠤᠨ ᠠᠰᠢᠭ ᠲᠤᠰᠠ ᠲᠠᠢ ᠬᠤᠯᠪᠣᠭᠳᠠᠵᠦ ᠪᠠᠶᠢᠭ᠎ᠠ ᠪᠠᠭ᠎ᠠ ᠲᠣᠭᠤᠷᠢᠭ ᠤᠨ ᠬᠠᠮᠢᠶᠠᠷᠤᠯᠲᠠ᠂ ᠭᠠᠯ ᠰᠡᠷᠭᠡᠶᠢᠯᠡᠵᠦ ᠤᠨᠳᠠᠷᠠᠭᠠᠬᠤ ᠠᠮᠤᠷ ᠲᠦᠪᠰᠢᠨ ᠵᠡᠷᠭᠡ ᠠᠵᠢᠯ ᠤᠨ ᠪᠠᠶᠢᠳᠡᠯ ᠢ ᠳᠠᠨᠢᠯᠴᠠᠭᠤᠯᠤᠬᠰᠠᠨ ᠪᠦᠭᠡᠳ ᠠᠮᠤᠷ ᠲᠦᠪᠰᠢᠨ ᠤ ᠮᠡᠳᠡᠯᠭᠡ ᠲᠦ᠋ᠭᠡᠮᠡᠯᠵᠢᠭᠦᠯᠵᠡᠶ᠃ ᠠᠷᠠᠳ ᠤᠨ ᠴᠠᠬᠳᠠᠭ᠎ᠠ ᠪᠠᠰᠠ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠴᠠᠬᠢᠯᠭᠠᠨ ᠬᠤᠯᠪᠣᠭ᠎ᠠ ᠶᠢᠨ ᠮᠡᠭᠡᠯᠡᠯ ᠤᠨ ᠬᠡᠷᠡᠭ ᠲᠤ ᠴᠢᠭᠯᠡᠭᠦᠯᠦᠨ᠂ ᠮᠡᠬᠡᠯᠡᠭᠴᠢ ᠶᠢᠨ ᠰᠦᠯᠵᠢᠶᠡᠨ ᠮᠡᠬᠡᠯᠡᠯ ᠤᠨ ᠠᠷᠭ᠎ᠠ ᠪᠠᠷᠢᠯ ᠢ ᠵᠡᠳᠡᠯᠤᠨ᠂ ᠮᠡᠬᠡᠯᠡᠯ ᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠪᠠᠩᠬᠢ ᠶᠢᠨ ᠺᠠᠷᠲ︾ ᠢᠶᠠᠨ ᠰᠠᠶᠢᠲᠤᠷ ᠬᠠᠮᠠᠭᠠᠯᠠᠬᠤ ᠲᠤᠬᠠᠢ ᠤᠯᠠᠨ ᠲᠦᠮᠡᠨ ᠳᠤ ᠰᠠᠨᠠᠭᠤᠯᠪᠡ᠃   ᠲᠤᠰ ᠤᠳᠠᠭᠠᠨ ᠤ ᠴᠠᠭᠳᠠᠭ᠎ᠠ ᠠᠷᠠᠳ ᠤᠨ ᠶᠠᠷᠢᠯᠴᠠᠬᠤ ᠬᠤᠷᠠᠯ ᠴᠠᠭᠳᠠᠭ᠎ᠠ ᠠᠷᠠᠳ ᠤᠨ ᠬᠤᠭᠤᠷᠣᠨᠳᠣᠬᠢ ᠰᠣᠯᠢᠯᠴᠠᠭ᠎ᠠ ᠪᠠ ᠬᠠᠷᠢᠯᠴᠠᠭ᠎ᠠ ᠶᠢ ᠠᠬᠢᠭᠤᠯᠤᠭᠰᠠᠨ ᠢᠶᠠᠷ ᠪᠠᠷᠠᠬᠤ ᠥᠬᠡᠶ ᠬᠠᠮᠢᠶᠠᠷᠤᠯᠳᠠ ᠶᠢᠨ ᠣᠷᠣᠨ ᠤ ᠣᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠲᠣᠭᠲᠠᠭᠤᠨ ᠣᠷᠴᠢᠨ ᠨᠥᠬᠦᠴᠡᠯ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠠᠢ᠃                                  ︵ᠪᠠᠶ ᠪᠢᠩ     ᡁᠢ ᠮᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号