ᠢᠯᠠᠯᠳᠠ ᠪᠠᠯᠭᠠᠰᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠦ ᠠᠷᠠᠳ ᠤᠯᠠᠨ ᠤ ᠵᠤᠯ ᠵᠢᠷᠭᠠᠯᠳᠤ ᠲᠦᠷᠦᠭᠳᠡᠯ ᠢ ᠨᠡᠮᠡᠭᠳᠡᠭᠦᠯᠤᠯ᠎ᠠ
ᠨᠡᠶᠢᠲᠡᠯᠡᠭᠰᠡᠨ ᠴᠠᠭ᠄
2024/11/6
   ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠢᠯᠡᠯᠳᠠ ᠪᠠᠯᠭᠠᠰᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠪᠡᠷ ᠲᠡᠭᠰᠢᠬᠡᠨ᠂ ᠭᠤᠶᠢᠳᠠ ᠰᠠᠶᠢᠬᠠᠨ᠂ ᠲᠠᠭᠠᠯᠠᠮᠵᠢᠳᠠᠢ ᠪᠤᠯᠭᠠᠨ ᠴᠡᠭᠴᠡᠯᠡᠨ ᠵᠠᠰᠠᠭᠠᠳ ᠠᠷᠠᠳ ᠤᠯᠠᠨ ᠤ ᠵᠤᠯ ᠵᠢᠷᠭᠠᠯᠳᠤ ᠲᠦᠷᠦᠭᠳᠡᠯ ᠢ ᠨᠡᠮᠡᠭᠳᠡᠭᠦᠯᠵᠦ ᠪᠤᠢ᠃    ᠢᠯᠠᠯᠳᠠ ᠪᠠᠯᠭᠠᠰᠤᠨ ᠤ ᠢᠯᠠᠯᠳᠠ ᠭᠠᠴᠠᠭᠠᠨ ᠳᠤ ᠬᠦᠷᠪᠡᠯ ᠲᠤᠰᠬᠤᠨ ᠤ ᠠᠷᠠᠳ ᠡᠯ᠎ᠠ ᠵᠠᠮ ᠵᠡᠭᠡᠯᠢ ᠶᠢ ᠦᠨᠴᠥᠭ ᠪᠤᠯᠤᠩ ᠦᠯᠡᠳᠡᠭᠡᠯ ᠦᠭᠡᠢ ᠴᠡᠪᠡᠷᠯᠡᠵᠤ ᠪᠠᠶᠢᠯ᠎ᠠ᠃ ᠲᠤᠰᠬᠤᠨ ᠤ ᠠᠷᠠᠳ ᠶᠢᠨ ᠴᠢᠣᠸᠠᠨ ᠹᠦ᠋ ᠲᠤᠰᠬᠤᠨ ᠤ ᠬᠤᠪᠢᠷᠠᠯᠳᠠ ᠶᠢᠨ ᠲᠤᠬᠠᠢ ᠶᠠᠷᠢᠬᠰᠠᠭᠠᠷ ᠯᠠ ᠴᠢᠷᠠᠢ ᠳᠠᠭᠠᠨ ᠪᠠᠶᠠᠷ ᠤᠨ ᠮᠦᠰᠢᠶᠡᠳᠤ ᠲᠤᠳᠤᠷᠠᠭᠤᠯᠤᠨ᠄ ︽ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠠᠴᠠ ᠤᠳᠤ ᠴᠡᠪᠡᠷᠯᠡᠬᠦ ᠬᠦᠮᠤᠨ ᠲᠠᠢ ᠪᠤᠯᠵᠤ᠂ ᠵᠠᠮ ᠵᠡᠭᠡᠯᠢ ᠲᠦᠢᠯ ᠤᠨ ᠴᠡᠪᠡᠷ ᠲᠡᠭᠰᠢᠬᠡᠨ ᠪᠤᠯᠵᠠᠢ᠂ ᠡᠶᠢᠮᠤᠷᠬᠦᠤ ᠤᠷᠴᠢᠨ ᠲᠤᠭᠤᠷᠢᠨ ᠳᠤ ᠠᠮᠢᠳᠤᠷᠠᠵᠦ ᠪᠠᠶᠢᠬᠤ ᠳᠠᠭᠠᠨ ᠰᠡᠳᠬᠢᠯ ᠪᠠᠶᠠᠰᠤᠩᠭᠤᠢ ᠪᠠᠶᠢᠨ᠎ᠠ︾ ᠭᠡᠪᠠ᠃    ᠤᠶᠢᠯᠠᠭᠠᠭᠰᠠᠨ ᠢᠶᠠᠷ᠂ ᠢᠯᠠᠯᠳᠠ ᠪᠠᠯᠭᠠᠰᠤ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠳᠠᠭᠠᠨ ᠲᠦᠪᠯᠡᠷᠡᠬᠦᠯᠤᠨ ᠴᠡᠭᠴᠡᠯᠡᠨ ᠵᠠᠰᠠᠬᠤ ᠪᠠ ᠪᠠᠶᠢᠩᠭᠤ ᠶᠢᠨ ᠴᠢᠨᠠᠷᠳᠠᠢ ᠴᠡᠭᠴᠡᠯᠡᠨ ᠵᠠᠰᠠᠬᠤ ᠶᠢ ᠤᠶᠠᠯᠳᠤᠭᠤᠯᠵᠦ᠂ ᠬᠤᠭ ᠨᠤᠪᠰᠢ ᠶᠢ ᠬᠤᠷᠢᠶᠠᠵᠤ ᠵᠦᠭᠡᠭᠡᠪᠤᠷᠢᠯᠡᠬᠦ ᠲᠤᠨᠤᠭ ᠲᠦᠬᠦᠭᠡᠷᠤᠮᠵᠢ ᠶᠢ ᠭᠤᠤᠯᠳᠠᠯᠭ᠎ᠠ ᠲᠠᠢ ᠵᠠᠮ ᠪᠠ ᠭᠤᠤᠯᠳᠠᠯᠭ᠎ᠠ ᠲᠠᠢ ᠤᠷᠤᠨ ᠲᠤᠭᠤᠷᠢᠭ ᠲᠤ ᠲᠤᠬᠢᠷᠠᠭᠤᠯᠤᠨ᠂ ᠬᠤᠭ ᠨᠤᠪᠰᠢ ᠶᠢ ᠰᠢᠯᠵᠢᠬᠦᠯᠤᠨ ᠵᠦᠭᠡᠭᠡᠪᠤᠷᠢᠯᠡᠬᠦ ᠲᠡᠷᠭᠡ ᠶᠢ 1᠂ ᠵᠠᠮ ᠱᠦᠬᠦᠷᠳᠡᠬᠦ ᠮᠠᠰᠢᠨ ᠢ 1᠂ ᠬᠤᠭ ᠨᠤᠪᠰᠢ ᠶᠢ ᠴᠡᠪᠡᠷᠯᠡᠬᠦ ᠵᠢᠵᠢᠭ ᠲᠡᠷᠭᠡ ᠶᠢ 2 ᠲᠤᠰ ᠲᠤᠰ ᠲᠤᠬᠢᠷᠠᠭᠤᠯᠵᠦ᠂ ᠬᠤᠭ ᠨᠤᠪᠰᠢ ᠶᠢᠨ ᠬᠠᠶᠢᠷᠴᠠᠭ ᠢ 590 ᠬᠤᠳᠠᠯᠳᠤᠨ ᠠᠪᠴᠤ᠂ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠰᠠᠨ ᠦᠷ᠎ᠠ ᠪᠦᠳᠦᠮᠵᠢ ᠶᠢ ᠦᠨᠡᠨᠬᠦ ᠲᠡᠭᠡᠭᠰᠢᠯᠡᠬᠦᠯᠪᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号