| | ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠪᠥᠬᠦ ᠬᠤᠲᠠ ᠶᠢᠨ ᠬᠠᠶᠠᠭᠳᠠᠮᠠᠯ ᠡᠳ᠋ ᠢ ᠬᠤᠳᠠᠯᠳᠤᠨ ᠠᠪᠬᠤ ᠠᠵᠤ ᠠᠬᠤᠶᠢᠯᠠᠯ ᠪᠠ ᠬᠠᠶᠠᠭᠳᠠᠮᠠᠯ ᠡᠳ᠋ ᠢ | ᠬᠤᠳᠠᠯᠳᠤᠨ ᠠᠪᠬᠤ ᠥᠷᠲᠡᠭᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠳᠠᠬᠢᠯᠲᠠ ᠡᠬᠢ ᠪᠠᠶᠠᠯᠢᠭ | ᠢ ᠬᠤᠷᠢᠶᠠᠨ ᠠᠪᠬᠤ ᠠᠵᠤ ᠠᠬᠤᠶᠢᠯᠠᠯ ᠪᠠ ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠲᠡᠭᠡ ᠶᠢᠨ ᠳᠦᠷᠢᠮ ᠠᠴᠠ | ᠵᠥᠷᠢᠴᠡᠨ ᠳᠤᠷ᠎ᠠ ᠪᠠᠷ ᠢᠶᠠᠨ ᠪᠠᠶᠢᠭᠤᠯᠬᠤ᠂ ᠦᠨᠡᠮᠯᠡᠯ ᠦᠭᠡᠢ ᠪᠠᠷ ᠡᠵᠡᠩᠨᠡᠬᠦ ᠪᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠤᠰᠠᠳᠠ᠂ ᠮᠠᠨ ᠤ ᠬᠤᠲᠠ ᠪᠣᠳᠠᠲᠠᠢ ᠲᠠᠢ ᠪᠠᠨ | ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃ | ᠬᠤᠶᠠᠷ᠂ ᠬᠠᠤᠯᠢ ᠴᠠᠭᠠᠵᠠ ᠶᠢᠨ ᠦᠨᠳᠦᠰᠦᠯᠡᠯ | 1. ︽ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ | ᠵᠠᠰᠠᠬᠤ ᠬᠠᠤᠯᠢ︾ | 2. ︽ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ | 3. ︽ᠬᠠᠶᠠᠭᠳᠠᠮᠠᠯ ᠲᠡᠮᠦᠷᠯᠢᠭ ᠡᠳ᠋ ᠪᠤᠳᠠᠰ ᠢ ᠬᠤᠳᠠᠯᠳᠤᠨ ᠠᠪᠬᠤ ᠦᠢᠯᠡᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠠᠷᠭ᠎ᠠ︾ | ᠭᠤᠷᠪᠠ᠂ ᠠᠵᠢᠯ ᠤᠨ ᠬᠠᠷᠠᠯᠲᠠ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠵᠢᠯ ᠲᠥᠷᠥᠯ ᠤᠨ ᠴᠡᠭᠴᠡᠯᠡᠨ ᠵᠠᠰᠠᠯᠲᠠ | ᠶᠢ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ᠂ ᠴᠡᠪᠡᠷᠵᠢᠭᠦᠯᠦᠨ | ᠠᠰᠢᠭᠯᠠᠬᠤ ᠶᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠠᠶᠠᠭᠳᠠᠮᠠᠯ ᠡᠳ᠋ ᠢ ᠬᠤᠳᠠᠯᠳᠤᠨ ᠠᠪᠬᠤ ᠠᠵᠢᠯ | ᠲᠥᠷᠥᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠬᠤᠲᠠ ᠶᠢᠨ ᠬᠡᠪᠴᠢᠶᠡᠨ ᠲᠠᠬᠢ ᠬᠠᠶᠠᠭᠳᠠᠮᠠᠯ ᠡᠳ᠋ ᠢ ᠡᠭᠡᠬᠦᠯᠤᠨ ᠬᠤᠷᠢᠶᠠᠬᠤ ᠠᠵᠤ ᠠᠬᠤᠶᠢᠯᠠᠯ | ᠪᠠ ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠲᠡᠭᠡ ᠶᠢᠨ ᠲᠦᠷᠢᠮ ᠢ ᠵᠥᠷᠢᠴᠡᠨ ᠪᠠᠶᠢᠭᠤᠯᠬᠤ᠂ ᠦᠨᠡᠮᠯᠡᠯ ᠥᠬᠡᠶ | ᠪᠠᠷ ᠡᠵᠡᠩᠨᠡᠬᠦ᠂ ᠪᠣᠬᠢᠷᠲᠤᠯ ᠪᠣᠳᠠᠰ ᠢ ᠳᠤᠷ᠎ᠠ ᠪᠠᠷ ᠢᠶᠠᠨ ᠭᠠᠳᠠᠭᠰᠢᠯᠠᠭᠤᠯᠬᠤ᠂ ᠬᠠᠶᠠᠭᠳᠠᠮᠠᠯ ᠡᠳ᠋ ᠢ ᠳᠤᠷ᠎ᠠ ᠪᠠᠷ | ᠢᠶᠠᠨ ᠬᠠᠶᠠᠵᠤ ᠴᠢᠳᠬᠤᠬᠤ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠦᠨᠳᠦᠰᠦᠨ | ᠠᠴᠠ ᠨᠢ ᠰᠢᠢᠳᠪᠦᠷᠢᠯᠡᠨ᠎ᠡ᠃ | ᠳᠥᠷᠪᠡ᠂ ᠬᠠᠶᠠᠭᠳᠠᠮᠠᠯ ᠡᠳ᠋ ᠢ ᠬᠤᠳᠠᠯᠳᠤᠨ ᠠᠪᠬᠤ ᠦᠷᠳᠡᠭᠡ ᠶᠢᠨ ᠭᠠᠵᠠᠷ ᠢ ᠰᠣᠩᠭᠤᠬᠤ ᠳᠤ ᠲᠠᠪᠤ ᠶᠢ | ᠰᠤᠩᠭᠤᠵᠤ ᠪᠤᠯᠬᠤ ᠦᠭᠡᠢ | 1. ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠣᠯᠬᠤ ᠦᠭᠡᠢ᠃ | 2. ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶ᠎ᠡ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠡᠵᠡᠩᠨᠡᠵᠦ ᠪᠣᠯᠬᠤ ᠦᠭᠡᠢ᠂ ᠬᠠᠶᠠᠭᠳᠠᠮᠠᠯ ᠬᠤᠭ ᠨᠣᠪᠰᠢ ᠶᠢ ᠭᠤᠣᠯ ᠤᠨ | ᠵᠠᠮ᠂ ᠭᠤᠤᠯ ᠤᠨ ᠭᠤᠯᠳᠤᠷᠢᠯ ᠤᠨ ᠵᠠᠮ ᠳᠤ ᠣᠷᠣᠭᠤᠯᠬᠤ ᠠᠴᠠ ᠵᠠᠶᠢᠯᠠᠰᠬᠢᠵᠦ᠂ ᠤᠰᠤᠨ ᠤ ᠴᠢᠨᠠᠷ ᠢ | ᠪᠣᠬᠢᠷᠲᠤᠭᠤᠯᠬᠤ ᠠᠴᠠ ᠵᠠᠶᠢᠯᠠᠰᠬᠢᠨ᠎ᠠ᠃ | 3. ᠦᠨᠳᠦᠰᠦᠨ ᠨᠤᠲᠤᠭ ᠪᠡᠯᠴᠢᠭᠡᠷ᠂ ᠤᠶᠢᠳᠤ ᠭᠠᠵᠠᠷ ᠢ ᠡᠵᠡᠯᠡᠨ ᠬᠡᠷᠡᠭᠯᠡᠵᠦ ᠡᠵᠡᠩᠨᠡᠵᠦ ᠪᠣᠯᠬᠤ ᠦᠭᠡᠢ᠂ | ᠬᠡᠷᠪᠡ ᠦᠨᠡᠬᠡᠷ ᠲᠠᠲᠠᠪᠤᠷᠢᠯᠠᠨ ᠡᠵᠡᠯᠡᠵᠦ ᠬᠡᠷᠡᠭᠯᠡᠬᠦ ᠴᠢᠬᠤᠯᠠᠲᠠᠢ ᠪᠣᠯ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ ᠣᠢ ᠰᠢᠭᠤᠢ ᠨᠤᠲᠤᠭ ᠪᠡᠯᠴᠢᠭᠡᠷ ᠤᠨ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠢ᠃ | 4. ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷ᠎ᠠ | ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠲᠡᠭᠡ ᠪᠠᠶᠢᠭᠤᠯᠵᠤ ᠪᠣᠯᠬᠤ ᠦᠭᠡᠶ᠂ ᠤᠰᠤᠨ ᠤ ᠡᠬᠢ ᠰᠤᠷᠪᠤᠯᠵᠢ | ᠶᠢᠨ ᠭᠠᠵᠠᠷ ᠢ ᠪᠣᠬᠢᠷᠲᠤᠭᠤᠯᠬᠤ ᠠᠴᠠ ᠵᠠᠶᠢᠯᠠᠰᠬᠢᠬᠦ ᠬᠡᠷᠡᠭᠲᠡᠶ᠃ | 5. ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ ᠪᠦᠰᠡ᠂ ᠰᠢᠯᠵᠢᠭᠦᠯᠵᠦ ᠪᠣᠯᠤᠰᠢ | ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠳᠤ ᠡᠵᠡᠩᠨᠡᠯᠲᠡ | ᠬᠢᠵᠤ ᠪᠣᠯᠬᠤ ᠦᠭᠡᠶ᠂ ᠲᠡᠦᠬᠡ ᠶᠢᠨ ᠳᠤᠷᠠᠰᠬᠠᠯᠲᠤ ᠵᠦᠢᠯᠡᠰ ᠢ ᠡᠵᠡᠯᠡᠨ ᠠᠪᠴᠤ ᠪᠣᠯᠬᠤ ᠦᠭᠡᠶ᠃ | ᠲᠠᠪᠤ᠂ ᠰᠢᠨ᠎ᠡ ᠪᠠᠷ ᠪᠠᠶᠢᠭᠤᠯᠤᠭᠰᠠᠨ ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠲᠡᠭᠡ ᠶᠢ ᠬᠢᠨᠠᠨ ᠵᠥᠪᠰᠢᠶᠡᠷᠡᠬᠦ | ᠵᠤᠶᠢᠯᠡᠰ | 1. ᠬᠠᠶᠠᠭᠳᠠᠮᠠᠯ ᠡᠳ᠋ ᠢ ᠬᠤᠳᠠᠯᠳᠤᠨ ᠠᠪᠴᠤ ᠡᠵᠡᠩᠨᠡᠬᠦ ᠪᠠᠶᠢᠭᠤᠯᠭ᠎ᠠ ᠨᠢᠭᠡᠴᠢ ᠨᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠦᠯᠦᠭᠡᠯᠡᠯ ᠢ ᠦᠨᠡᠯᠡᠬᠦ ᠬᠠᠤᠯᠢ︾᠂ ︽ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠲᠥᠷᠥᠯ ᠬᠤᠪᠢᠶᠠᠨ | ᠬᠠᠮᠢᠶᠠᠷᠬᠤ ᠨᠡᠷᠡᠰ ᠤᠨ ᠵᠢᠭᠰᠠᠭᠠᠯᠲᠠ ︵2021 ᠣᠨ ᠤ ᠬᠡᠪᠯᠡᠯ︶︾ ᠶᠢ ᠦᠨᠳᠦᠰᠦᠯᠡᠵᠦ᠂ ᠣᠷᠴᠢᠨ ᠲᠣᠭᠤᠷᠢᠨ | ᠤ ᠨᠥᠯᠥᠭᠡ ᠶᠢ ᠦᠨᠡᠯᠡᠭᠰᠡᠨ ᠪᠢᠴᠢᠭ ᠮᠠᠲ᠋ᠧᠷᠢᠶᠠᠯ ᠢ ᠭᠦᠢᠴᠡᠳᠬᠡᠬᠦ ᠶᠢᠨ ᠬᠠᠮᠲᠤ ᠠᠮᠢ ᠠᠬᠤᠶ ᠣᠷᠴᠢᠨ ᠲᠣᠭᠤᠷᠢᠨ | ᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠳᠡᠢ᠃ | 2. ᠬᠤᠲᠠ ᠶᠢᠨ ᠲᠣᠭᠤᠷᠢᠭ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠠᠴᠠ ᠪᠤᠰᠤᠳ ᠳᠠᠬᠢᠯᠲᠠ ᠡᠳ᠋ | ᠪᠣᠳᠠᠰ ᠢ ᠡᠭᠡᠭᠦᠯᠦᠨ ᠬᠤᠷᠢᠶᠠᠬᠤ᠂ ᠬᠠᠶᠠᠭᠳᠠᠮᠠᠯ ᠡᠳ᠋ ᠢ ᠬᠤᠳᠠᠯᠳᠤᠨ ᠠᠪᠬᠤ ᠠᠵᠤ ᠠᠬᠤᠶᠢᠯᠠᠯ ᠢ ᠳᠠᠩᠰᠠᠯᠠᠨ | ᠲᠡᠮᠳᠡᠭᠯᠡᠭᠦᠯᠬᠦ ᠪᠠᠷ ᠭᠤᠶᠤᠴᠢᠯᠠᠬᠤ ᠳᠤ᠂ ᠲᠤᠰ ᠡᠵᠡᠩᠨᠡᠯᠲᠡ ᠶᠢᠨ ᠭᠤᠣᠯ ᠴᠣᠭᠴᠠ ᠶᠢ ᠪᠠᠶᠢᠭᠤᠯᠬᠤ ᠳᠤ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠠᠪᠤᠴᠠ ᠪᠠ ᠲᠤᠰ ᠲᠥᠰᠦᠯ ᠤᠨ ᠭᠠᠵᠠᠷ | ᠰᠣᠩᠭᠤᠬᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠂ ᠮᠠᠲ᠋ᠧᠷᠢᠶᠠᠯ ᠨᠢ ᠪᠦᠷᠢᠨ ᠭᠦᠢᠴᠡᠳ᠂ ᠪᠢᠴᠢᠭ ᠤᠨ | ᠬᠡᠯᠪᠡᠷᠢ ᠪᠠᠷ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ ᠡᠵᠡᠩᠨᠡᠯᠲᠡ ᠶᠢᠨ ᠦᠨᠡᠮᠯᠡᠯ ᠣᠯᠭᠤᠬᠤ ᠬᠡᠷᠡᠭᠳᠡᠢ᠃ | 3. ᠬᠠᠶᠠᠭᠳᠠᠮᠠᠯ ᠲᠡᠮᠦᠷᠯᠢᠭ ᠬᠤᠳᠠᠯᠳᠤᠨ ᠠᠪᠬᠤ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠡᠵᠡᠩᠨᠡᠯᠲᠡ ᠶᠢᠨ ᠦᠨᠡᠮᠯᠡᠯ ᠣᠯᠤᠭᠰᠠᠨ ᠤ ᠳᠠᠷᠠᠭ᠎ᠠ 15 ᠡᠳᠦᠷ ᠤᠨ ᠳᠣᠲᠣᠷ᠎ᠠ ᠬᠤᠲᠠ | ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠳᠠᠩᠰᠠᠯᠠᠭᠤᠯᠬᠤ ᠬᠡᠷᠡᠭᠲᠡᠶ᠃ | ᠵᠢᠷᠭᠤᠭ᠎ᠠ᠂ ᠬᠠᠶᠠᠭᠳᠠᠮᠠᠯ ᠡᠳ᠋ ᠢ ᠲᠡᠭᠡᠭᠡᠪᠦᠷᠢᠯᠡᠬᠦ ᠵᠠᠩᠭᠢᠯᠠᠭ᠎ᠠ ᠶᠢᠨ ᠱᠠᠭᠠᠷᠳᠠᠯᠭ᠎ᠠ | ᠵᠥᠭᠡᠭᠡᠪᠦᠷᠢᠯᠡᠭᠰᠡᠨ ᠰᠢᠩᠭᠡᠨ ᠪᠡᠶᠡᠲᠦ᠂ ᠰᠤᠯᠠ ᠪᠠᠷ ᠰᠠᠪᠠᠯᠠᠭᠰᠠᠨ ᠪᠠᠷᠠᠭ᠎ᠠ ᠶᠢ ᠪᠢᠳᠡᠭᠦᠮᠵᠢᠯᠡᠬᠦ ᠦᠭᠡᠢ᠂ | ᠪᠣᠭᠤᠳᠠᠯᠯᠠᠬᠤ ᠦᠭᠡᠢ᠂ ᠪᠦᠷᠬᠦᠬᠦᠯᠬᠦ ᠦᠭᠡᠢ᠂ ᠯᠡᠪᠡᠷᠡᠬᠦᠯᠬᠦ᠂ ᠤᠷᠬᠢᠭᠳᠠᠭᠤᠯᠬᠤ ᠳᠤ ᠬᠦᠷᠦᠭᠰᠡᠨ ᠪᠠᠶᠢᠪᠠᠯ᠂ ᠬᠤᠲᠠ | ᠶᠢᠨ ᠶᠡᠷᠤᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ | ᠳᠣᠯᠤᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠶᠡᠷᠤᠩᠬᠡᠢ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ | ᠶᠢᠨ ᠵᠥᠪᠯᠡᠯ ᠪᠣᠯᠤᠨ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ | ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠶᠠᠭᠳᠠᠮᠠᠯ | ᠡᠳ᠋ ᠢ ᠡᠭᠡᠭᠦᠯᠦᠨ ᠬᠤᠷᠢᠶᠠᠬᠤ ᠪᠠ ᠰᠢᠢᠳᠪᠤᠷᠢᠯᠡᠬᠦ ᠶᠢ ᠵᠢᠷᠤᠮᠵᠢᠭᠤᠯᠵᠤ᠂ ᠣᠷᠴᠢᠨ ᠲᠣᠭᠤᠷᠢᠨ ᠢ ᠪᠣᠬᠢᠷᠲᠤᠭᠤᠯᠬᠤ | ᠠᠴᠠ ᠵᠠᠶᠢᠯᠠᠰᠬᠢᠬᠦ ᠬᠡᠷᠡᠭᠲᠡᠶ᠃ | |