| ᠣᠶᠢᠷ᠎ᠠ ᠶᠢᠨ ᠬᠤᠭᠤᠴᠠᠭᠠᠨ ᠳᠤ ᠠᠵᠤ ᠠᠬᠤᠶ ᠶᠢᠨ ᠬᠠᠮ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ | ᠨᠡᠶᠢᠲᠡᠯᠡᠪᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ 0.5 | ᠵᠠᠭᠤᠨ ᠤ ᠴᠡᠭ ᠢᠶᠠᠷ ᠪᠠᠭᠤᠷᠠᠭᠤᠯᠪᠠ | ᠳᠤᠮᠳᠠᠳᠤ ᠤᠯᠤᠰ ᠤᠨ ᠠᠷᠠᠳ ᠤᠨ ᠪᠠᠩᠭᠢ 27 ᠤ ᠡᠳᠦᠷ ᠲᠤ ᠨᠡᠶᠢᠲᠡᠯᠡᠭᠰᠡᠨ ᠢᠶᠠᠷ᠂ 2024 ᠣᠨ ᠤ 9 | ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ | ᠪᠡᠯᠡᠳᠬᠡᠯ ᠮᠥᠩᠭᠦᠨ ᠤ ᠨᠤᠷᠮ᠎ᠠ ᠶᠢ 0.5 ᠵᠠᠭᠤᠨ ᠤ ᠴᠡᠭ ᠢᠶᠠᠷ ᠪᠠᠭᠤᠷᠠᠭᠤᠯᠬᠤ ᠪᠠᠷ ᠳᠣᠭᠲᠠᠪᠠ | ᠤᠷᠲᠤ ᠬᠤᠭᠤᠴᠠᠭᠠᠨ ᠤ ᠬᠦᠳᠡᠯᠦᠩᠭᠦᠢ ᠴᠢᠨᠠᠷ ᠢ ᠪᠠᠷᠤᠭ 1 ᠲᠦᠮᠡᠨ ᠳ᠋ᠦᠩᠰᠢᠭᠤᠷ ᠲᠥᠭᠦᠷᠢᠭ ᠰᠤᠯᠠᠯᠠᠬᠤ ᠪᠠᠷ | ᠵᠢᠱᠢᠵᠦ ᠪᠣᠢ | ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ | ᠠᠵᠢᠯᠯᠠᠭ᠎ᠠ ᠶᠢᠨ ᠬᠦᠦ ᠶᠢᠨ ᠨᠤᠷᠮ᠎ᠠ 20 ᠰᠠᠭᠤᠷᠢ ᠴᠡᠭ ᠪᠠᠭᠤᠷᠠᠪᠠ | 9 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠢᠯᠡ ᠵᠠᠬ᠎ᠠ ᠳᠡᠯᠭᠡᠭᠦᠷ ᠤᠨ 7 ᠡᠳᠦᠷ ᠤᠨ | ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢᠨ ᠬᠦᠦ ᠶᠢᠨ ᠨᠣᠷᠮ᠎ᠠ ᠶᠢ | ᠤᠤᠯ ᠤᠨ 1.70% ᠪᠠᠶᠢᠭᠰᠠᠨ ᠠᠴᠠ 1.50% ᠪᠣᠯᠭᠠᠨ ᠲᠣᠬᠢᠷᠠᠭᠤᠯᠵᠤ᠂ 20 ᠰᠠᠭᠤᠷᠢ ᠴᠡᠭ ᠪᠠᠭᠤᠷᠠᠭᠤᠯᠪᠠ | ᠲᠤᠰ ᠤᠳᠠᠭᠠᠨ ᠤ ᠲᠦᠷᠦ ᠶᠢᠨ ᠪᠣᠳᠣᠯᠭ᠎ᠠ ᠶᠢᠨ ᠬᠦᠦ ᠶᠢᠨ ᠨᠤᠷᠮ᠎ᠠ ᠶᠢᠨ ᠳᠣᠷᠣᠭᠰᠢᠯᠠᠭᠤᠯᠤᠭᠰᠠᠨ ᠬᠡᠮᠵᠢᠶ᠎ᠡ ᠨᠢ | ᠣᠶᠢᠷ᠎ᠠ ᠶᠢᠨ ᠳᠦᠷᠪᠡᠨ ᠵᠢᠯ ᠳᠠᠬᠢ ᠬᠠᠮᠤᠭ ᠤᠨ ᠶᠡᠭᠡ ᠨᠢᠭᠡ ᠤᠳᠠᠭᠠᠨ ᠤ ᠲᠣᠬᠢᠷᠠᠭᠤᠯᠤᠯᠲᠠ ᠪᠣᠯᠪᠠ | ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ | ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ ᠬᠦᠷᠲᠡᠯ᠎ᠡ ᠪᠠᠭᠤᠷᠠᠭᠤᠯᠤᠨ᠎ᠠ | ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ | ᠬᠤᠳᠠᠯᠳᠤᠭᠠᠨ ᠤ ᠪᠠᠩᠭᠢ ᠶᠢ ᠬᠦᠲᠦᠯᠦᠨ ᠵᠢᠯᠤᠭᠤᠳᠴᠤ ᠪᠠᠶᠢᠭᠠᠳ ᠦᠯᠡᠳᠡᠭᠡᠯ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ | ᠬᠦᠷᠲᠡᠯ᠎ᠡ ᠪᠠᠭᠤᠷᠠᠭᠤᠯᠵᠤ᠂ ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ | ᠡᠨᠡ ᠬᠦ ᠳᠦᠷᠤ ᠶᠢᠨ ᠪᠤᠲᠣᠯᠭ᠎ᠠ ᠨᠢ 5000 ᠳᠦᠮᠠᠨ ᠡᠷᠣᠭᠡ ᠬᠡᠷ ᠪᠦᠯᠢ᠂ 1.5 ᠳ᠋ᠦᠩᠰᠢᠭᠤᠷ ᠬᠥᠮᠥᠨ | ᠠᠮᠠ ᠳᠤ ᠠᠰᠢᠭ ᠬᠦᠷᠲᠡᠭᠡᠵᠦ᠂ ᠬᠡᠷ ᠪᠦᠯᠢ ᠶᠢᠨ ᠬᠦᠦ ᠮᠦᠩᠭᠦᠠ ᠤ ᠵᠠᠷᠣᠯᠭ᠎ᠠ ᠶᠢᠨ ᠶᠡᠷᠦᠩᠬᠡᠢ ᠳᠤᠭ᠎ᠠ ᠶᠢ | ᠳᠤᠮᠳᠠᠴᠢ ᠪᠠᠷ ᠵᠢᠯ ᠪᠦᠷᠢ 1500 ᠳ᠋ᠦᠩᠰᠢᠭᠤᠷ ᠳᠦᠭᠦᠷᠢᠭ ᠣᠷᠴᠢᠮ ᠪᠠᠭᠠᠰᠬᠠᠬᠤ ᠪᠠᠷ ᠵᠢᠱᠢᠵᠦ ᠪᠣᠢ | ᠠᠩᠬᠠᠳᠠᠭᠴᠢ ᠢᠵᠢ ᠣᠷᠣᠨ ᠰᠠᠭᠤᠴᠠ᠂ ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ | ᠦᠭᠡᠢ | ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ 15% ᠠᠴᠠ ᠳᠣᠣᠷ᠎ᠠ | ᠪᠠᠶᠢᠯᠭᠠᠬᠤ ᠦᠭᠡᠢ | ᠬᠤᠪᠢ ᠬᠦᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠤᠭᠤᠰ ᠤᠨ ᠬᠠᠷᠢᠴᠠᠯ ᠢ | ᠬᠠᠮᠤᠭ ᠤᠨ ᠳᠣᠣᠷ᠎ᠠ ᠪᠠᠶᠢᠯᠭᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠤᠬᠠᠢ ᠳᠤᠮᠳᠠᠳᠤ ᠤᠯᠤᠰ ᠤᠨ | ᠠᠷᠠᠳ ᠤᠨ ᠪᠠᠩᠭᠢ᠂ ᠤᠯᠤᠰ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶᠠᠨ ᠤ ᠮᠡᠳᠡᠭᠳᠡᠯ ᠳᠤ᠂ ᠵᠢᠭᠡᠯᠡᠯᠭᠡ ᠪᠠᠷ ᠣᠷᠣᠨ ᠰᠠᠭᠤᠴᠠ ᠬᠤᠳᠠᠯᠳᠤᠨ ᠠᠪᠤᠭᠰᠠᠨ ᠰᠠᠭᠤᠭᠠᠯᠢ ᠠᠷᠠᠳ ᠤᠨ | ᠭᠡᠷ ᠪᠦᠯᠢ ᠳᠤ᠂ ᠬᠤᠳᠠᠯᠳᠣᠭᠠᠨ ᠤ ᠴᠢᠨᠠᠷᠲᠠᠢ ᠬᠤᠪᠢ ᠬᠦᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ | ᠠᠩᠬᠠᠳᠠᠭᠴᠢ ᠢᠵᠢ ᠪᠠ ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ ᠦᠭᠡᠢ ᠪᠠᠷ ᠠᠩᠬ᠎ᠠ | ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ 15% ᠠᠴᠠ ᠳᠣᠣᠷ᠎ᠠ ᠪᠠᠶᠢᠯᠭᠠᠬᠤ ᠦᠭᠡᠢ | ᠭᠡᠵᠡᠢ | ᠭᠡᠷ ᠪᠠᠶᠢᠰᠢᠩ ᠭᠠᠵᠠᠷ ᠬᠦᠷᠦᠩᠭᠡ ᠳᠤ ᠬᠤᠯᠪᠣᠭᠳᠠᠬᠤ ᠬᠤᠶᠠᠷ ᠵᠦᠢᠯ ᠤᠨ ᠮᠦᠩᠭᠦᠨ ᠭᠦᠢᠯᠭᠡᠭᠡᠨ ᠤ | ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠪᠠ | ᠡᠨᠡ ᠵᠢᠯ ᠤᠨ ᠰᠡᠭᠦᠯᠴᠢ ᠠᠴᠠ ᠡᠮᠦᠨ᠎ᠡ ᠬᠤᠭᠤᠴᠠᠭ᠎ᠠ ᠨᠢ ᠳᠠᠭᠤᠰᠬᠤ ᠡᠵᠡᠩᠨᠡᠯᠲᠡ ᠶᠢᠨ ᠴᠢᠨᠠᠷᠲᠠᠢ ᠠᠳᠠᠯ | ᠠᠬᠤᠢ ᠶᠢᠨ ᠵᠢᠭᠡᠯᠡᠯᠭᠡ ᠪᠠ ︽ᠮᠥᠩᠭᠦᠨ ᠭᠦᠢᠯᠭᠡᠭᠡᠨ ᠤ 16 ᠵᠤᠷᠪᠤᠰ︾ ᠡᠨᠡ ᠬᠤᠶᠠᠷ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ 2026 ᠣᠨ ᠤ ᠡᠴᠦᠰ ᠪᠣᠯᠲᠠᠯ᠎ᠠ ᠤᠷᠲᠤᠳᠬᠠᠨ᠎ᠠ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠲᠦᠷᠦ ᠶᠢᠨ ᠪᠣᠳᠣᠯᠭ᠎ᠠ ᠶᠢ | ᠰᠢᠯᠢᠳᠡᠭᠵᠢᠭᠦᠯᠦᠨ᠎ᠡ | 5 ᠳ᠋ᠤᠭᠠᠷ ᠰᠠᠷ᠎ᠠ ᠳᠤ ᠠᠷᠠᠳ ᠤᠨ ᠪᠠᠩᠭᠢ ᠶᠢᠨ ᠪᠠᠶᠢᠭᠤᠯᠤᠭᠰᠠᠨ 3000 ᠳ᠋ᠦᠩᠰᠢᠭᠤᠷ ᠲᠦᠭᠦᠷᠢᠭ ᠤᠨ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠳᠤ ᠲᠥᠪ ᠤᠨ ᠪᠠᠩᠭᠢ ᠶᠢᠨ | ᠪᠡᠯᠡ ᠮᠥᠩᠭᠦᠨ ᠤ ᠳᠡᠮᠵᠢᠯᠭᠡ ᠶᠢᠨ ᠬᠠᠷᠢᠴᠠᠯ ᠢ ᠤᠤᠯ ᠤᠨ 60% ᠪᠠᠶᠢᠭᠰᠠᠨ ᠠᠴᠠ 100% ᠳᠤ ᠬᠦᠷᠲᠡᠯ᠎ᠡ | ᠳᠡᠭᠡᠭᠰᠢᠯᠡᠭᠦᠯᠦᠨ᠎ᠡ | ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠦᠯᠡᠳᠡᠭᠡᠯ ᠭᠠᠵᠠᠷ ᠰᠢᠷᠣᠢ ᠶᠢ ᠬᠤᠳᠠᠯᠳᠤᠨ | ᠠᠪᠬᠤ ᠶᠢ ᠳᠡᠮᠵᠢᠨ᠎ᠡ | ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠩᠭᠢ ᠪᠠ ᠬᠤᠳᠠᠯᠳᠤᠭᠠᠨ ᠤ ᠪᠠᠩᠭᠢ ᠨᠢ ᠨᠦᠬᠦᠴᠡᠯ ᠲᠠᠢ ᠠᠵᠤ | ᠠᠬᠤᠶᠢᠯᠠᠯ ᠤᠳ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠠᠵᠠᠷ ᠰᠢᠷᠤᠢ ᠶᠢ ᠵᠠᠬ᠎ᠠ | ᠳᠡᠯᠭᠡᠭᠦᠷᠴᠢᠯᠡᠨ ᠬᠤᠳᠠᠯᠳᠤᠨ ᠠᠪᠬᠤ ᠳᠤ ᠵᠢᠭᠡᠯᠡᠯᠭᠡ ᠪᠠᠷ ᠳᠡᠮᠵᠢᠬᠦ ᠶᠢ ᠰᠤᠳᠤᠯᠤᠨ ᠵᠥᠪᠰᠢᠶᠡᠷᠡᠵᠦ᠂ ᠦᠯᠡᠳᠡᠭᠡᠯ | ᠭᠠᠵᠠᠷ ᠰᠢᠷᠤᠢ ᠶᠢ ᠴᠢᠯᠦᠭᠡᠲᠡᠢ ᠭᠦᠢᠯᠭᠡᠭᠡᠵᠦ᠂ ᠭᠡᠷ ᠪᠠᠶᠢᠰᠢᠩ ᠤᠨ ᠠᠵᠤ ᠠᠬᠤᠶᠢᠯᠠᠯ ᠤᠨ ᠪᠡᠯᠡ ᠮᠥᠩᠭᠦᠨ ᠤ | ᠳᠠᠷᠤᠭᠠᠰᠤ ᠶᠢ ᠨᠢ ᠬᠦᠩᠭᠡᠷᠡᠭᠦᠯᠦᠨ᠎ᠡ | ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠬᠤᠭᠤᠷᠣᠨᠳᠤ ᠪᠠᠨ ᠳᠥᠭᠦᠮᠯᠡᠵᠦ | ᠰᠣᠯᠢᠯᠴᠠᠬᠤ ᠶᠢ ᠨᠢ ᠴᠣᠭᠴᠠᠯᠠᠨ ᠪᠠᠶᠢᠭᠤᠯᠤᠨ᠎ᠠ | ᠨᠥᠬᠦᠴᠡᠯ ᠳᠤ ᠨᠡᠶᠢᠴᠡᠬᠦ ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠶᠢᠨ ᠡᠳ᠋ | ᠬᠥᠷᠥᠩᠭᠡ ᠳᠠᠨᠵᠢᠯᠠᠬᠤ ᠪᠠᠷ ᠳᠠᠮᠵᠢᠨ᠂ ᠲᠥᠪ ᠤᠨ ᠪᠠᠩᠬᠢ ᠠᠴᠠ ᠬᠥᠳᠡᠯᠦᠩᠭᠦᠢ ᠴᠢᠨᠠᠷ ᠣᠯᠵᠤ ᠠᠪᠬᠤ ᠶᠢ ᠨᠢ | ᠳᠡᠮᠵᠢᠨ᠎ᠡ | ᠠᠩᠬᠠᠨ ᠤ ᠬᠤᠭᠤᠴᠠᠭᠠᠨ ᠤ ᠠᠵᠢᠯᠯᠠᠭᠠᠨ ᠤ ᠬᠡᠪᠴᠢᠶ᠎ᠡ ᠨᠢ 5000 ᠳ᠋ᠦᠩᠰᠢᠭᠤᠷ ᠲᠥᠭᠦᠷᠢᠭ ᠪᠣᠯᠤᠨ᠎ᠠ | ᠰᠲ᠋ᠣᠺ ᠢ ᠡᠭᠡᠭᠦᠯᠦᠨ ᠬᠤᠳᠠᠯᠳᠤᠨ ᠠᠪᠬᠤ ᠶᠢ ᠴᠣᠭᠴᠠᠯᠠᠨ ᠪᠠᠶᠢᠭᠤᠯᠤᠨ᠂ ᠲᠤᠰᠬᠠᠶ ᠵᠦᠢᠯ ᠢᠶᠠᠷ ᠳᠠᠬᠢᠨᠲᠠ | ᠵᠢᠭᠡᠯᠡᠯᠭᠡ ᠲᠠᠯᠪᠢᠬᠤ ᠶᠢ ᠨᠢ ᠨᠡᠮᠡᠭᠳᠡᠭᠦᠯᠪᠡ | ᠬᠤᠳᠠᠯᠳᠣᠭᠠᠨ ᠤ ᠪᠠᠩᠭᠢ ᠶᠢ ᠬᠥᠲᠥᠯᠥᠨ ᠵᠢᠯᠣᠭᠤᠳᠴᠤ ᠪᠠᠶᠢᠭᠠᠳ ᠰᠲ᠋ᠣᠺ ᠤᠨ ᠵᠠᠬ᠎ᠠ ᠳᠤ ᠭᠠᠷᠤᠭᠰᠠᠨ | ᠺᠣᠮᠫᠠᠨᠢ ᠪᠤᠯᠤᠨ ᠭᠤᠤᠯ ᠬᠤᠪᠢ ᠤᠷᠤᠭᠤᠯᠤᠭᠴᠢ ᠳᠤ ᠵᠢᠭᠡᠯᠡᠯᠭᠡ ᠬᠠᠩᠭᠠᠵᠤ᠂ ᠰᠲ᠋ᠣᠺ ᠤᠨ ᠵᠠᠬ᠎ᠠ ᠳᠤ ᠭᠠᠷᠤᠭᠰᠠᠨ | ᠺᠣᠮᠫᠠᠨᠢ ᠶᠢᠨ ᠰᠲ᠋ᠤᠺ ᠢ ᠡᠭᠡᠭᠦᠯᠦᠨ ᠬᠤᠳᠠᠯᠳᠤᠨ ᠠᠪᠬᠤ ᠪᠠ ᠨᠡᠮᠡᠵᠤ ᠠᠪᠬᠤ ᠳᠤ ᠬᠡᠷᠡᠭᠯᠡᠨ᠎ᠡ | ᠠᠩᠬᠠᠨ ᠤ ᠬᠤᠭᠤᠴᠠᠭᠠᠨ ᠤ ᠵᠣᠭᠤᠰ ᠤᠨ ᠲᠤᠭ᠎ᠠ ᠨᠢ 3000 ᠳ᠋ᠦᠩᠰᠢᠭᠤᠷ ᠲᠦᠭᠦᠷᠢᠭ | ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠤᠭᠤᠯᠬᠤ ᠶᠢ ᠶᠡᠭᠡ ᠪᠠᠷ | ᠬᠦᠲᠦᠯᠦᠨ ᠵᠢᠯᠤᠭᠤᠳᠤᠨ᠎ᠠ | 9 ᠳ᠋ᠦ᠋ᠭᠡᠷ ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠢᠶᠠᠷ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ | ᠬᠥᠭᠵᠢᠭᠡᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ | ᠶᠡᠭᠡ ᠪᠠᠷ ᠬᠦᠳᠦᠯᠦᠨ ᠵᠢᠯᠣᠭᠤᠳᠴᠤ᠂ ᠨᠡᠶᠢᠭᠡᠮ ᠤᠨ ᠪᠠᠲᠤᠯᠠᠭ᠎ᠠ᠂ ᠳᠠᠭᠠᠳᠬᠠᠯ᠂ ᠡᠳ᠋ ᠤᠨ ᠶᠠᠪᠤᠳᠠᠯ ᠢ ᠬᠠᠮᠢᠶᠠᠷᠬᠤ | ᠵᠡᠷᠭᠡ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠲᠦᠭᠵᠢᠷᠡᠯ ᠢ ᠨᠡᠪᠲᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ | ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠨᠢ ᠳᠤᠮᠳᠠᠳᠤ ᠤᠯᠤᠰ ᠤᠨ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠡᠪᠯᠡᠯ ᠯᠦᠭᠡ ᠬᠤᠯᠪᠣᠭᠠᠯᠠᠨ ︽ᠳᠤᠮᠳᠠ ᠤᠷᠲᠤ ᠬᠤᠭᠤᠴᠠᠭᠠᠨ ᠤ | ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ | ᠳᠠᠷᠤᠮᠠᠯᠯᠠᠨ ᠲᠠᠷᠬᠠᠭᠠᠪᠠ | ᠤᠷᠲᠤ ᠬᠤᠭᠤᠴᠠᠭᠠᠨ ᠤ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠬᠥᠷᠥᠩᠭᠡ ᠶᠢᠨ ᠵᠠᠬ᠎ᠠ ᠳᠡᠯᠭᠡᠭᠦᠷ ᠤᠨ | ᠠᠮᠢ ᠠᠬᠤᠶ ᠶᠢ ᠪᠦᠲᠦᠭᠡᠨ ᠪᠠᠶᠢᠭᠤᠯᠵᠤ ᠪᠤᠶᠢᠵᠢᠭᠤᠯᠤᠨ᠎ᠠ | ᠡᠷᠭᠡ ᠠᠰᠢᠭ ᠤᠨ ᠲᠥᠷᠥᠯ ᠤᠨ ᠢᠯᠡ ᠪᠠᠷ ᠴᠤᠭᠯᠠᠭᠤᠯᠬᠤ ᠰᠠᠭᠤᠷᠢ ᠮᠥᠩᠭᠦ ᠶᠢ ᠶᠡᠭᠡ ᠪᠠᠷ ᠬᠥᠭᠵᠢᠭᠦᠯᠵᠦ᠂ | ᠬᠤᠪᠢ ᠪᠠᠷ ᠢᠶᠠᠨ ᠴᠤᠭᠯᠠᠭᠤᠯᠬᠤ ᠦᠨᠡᠲᠦ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ | ᠲᠣᠭᠲᠠᠭᠤᠨ ᠢᠶᠠᠷ ᠬᠥᠭᠵᠢᠬᠦ ᠶᠢ ᠳᠡᠮᠵᠢᠨ᠎ᠡ | ᠡᠯ᠎ᠡ ᠲᠥᠷᠥᠯ ᠤᠨ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦᠨ ᠤ ᠵᠠᠬ᠎ᠠ ᠳᠡᠯᠭᠡᠭᠦᠷ ᠲᠤ ᠣᠷᠣᠬᠤ ᠢᠵᠢ | ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠳᠦᠷᠢᠮ ᠢ ᠬᠦᠴᠦᠯᠡᠨ ᠲᠡᠭᠦᠯᠳᠡᠷᠵᠢᠭᠦᠯᠦᠨ᠎ᠡ | ᠵᠢᠵᠢᠭ ᠪᠢᠴᠢᠯ ᠠᠵᠤ ᠠᠬᠤᠶᠢᠯᠠᠯ ᠤᠨ ᠭᠠᠷᠳᠠᠮ ᠤᠨ ᠰᠦᠢᠳᠭᠡᠯ ᠢ ᠪᠠᠭᠤᠷᠠᠭᠤᠯᠬᠤ ᠶᠢ ᠵᠤᠷᠢᠭᠵᠢᠭᠤᠯᠤᠨ᠎ᠠ | 9 ᠳ᠋ᠦ᠋ᠭᠡᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠲᠣᠭᠠᠴᠠᠭ᠎ᠠ ᠬᠢᠬᠦ ᠢᠯᠭᠠᠷᠠᠭᠤᠯᠤᠨ ᠪᠤᠳᠤᠬᠤ | ᠨᠡᠶᠢᠭᠡᠮᠯᠢᠭ᠂ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ︽ᠵᠢᠵᠢᠭ ᠪᠢᠴᠢᠯ ᠠᠵᠤ | ᠠᠬᠤᠶᠢᠯᠠᠯ ᠤᠨ ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠰᠦᠢᠳᠬᠡᠯ ᠢ ᠪᠠᠭᠤᠷᠠᠭᠤᠯᠬᠤ ᠶᠢ ᠵᠣᠷᠢᠭᠵᠢᠭᠤᠯᠬᠤ | ᠲᠤᠬᠠᠶ ᠰᠠᠨᠠᠭᠠᠴᠢᠯᠠᠭ᠎ᠠ︾ ᠶᠢ ᠨᠡᠶᠢᠲᠡᠯᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠠᠭ᠎ᠠ ᠬᠢᠬᠦ ᠭᠠᠷ | ᠭᠦᠢᠴᠡᠳᠬᠡᠯ ᠤᠨ ᠵᠠᠷᠤᠳᠠᠯ ᠢ ᠪᠠᠭᠤᠷᠠᠭᠤᠯᠬᠤ ᠶᠢ ᠵᠣᠷᠢᠭᠵᠢᠭᠤᠯᠪᠠ | 2000 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠶᠢ ᠲᠤᠰᠬᠠᠶᠢᠯᠠᠨ ᠨᠠᠮᠤᠷ ᠤᠨ ᠠᠮᠤ | ᠪᠤᠳᠠᠭ᠎ᠠ ᠬᠤᠳᠠᠯᠳᠤᠨ ᠠᠪᠬᠤ ᠳᠤ ᠬᠡᠷᠡᠭᠯᠡᠭᠦᠯᠦᠨ᠎ᠡ | ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠪᠦᠬᠦ ᠬᠦᠴᠦ ᠪᠠᠷ ᠪᠠᠲᠤᠯᠠᠬᠤ ᠶᠢᠨ | ᠲᠥᠯᠥᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠭᠢ ᠤᠷᠢᠳ ᠢᠶᠠᠷ 2000 | ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢᠨ ᠪᠡᠯᠡ ᠮᠦᠩᠭᠦ ᠶᠢ ᠲᠤᠰᠬᠠᠶᠢᠯᠠᠨ ᠨᠠᠮᠤᠷ ᠤᠨ ᠠᠮᠤ ᠪᠤᠳᠠᠭ᠎ᠠ | ᠬᠤᠳᠠᠯᠳᠤᠨ ᠠᠪᠬᠤ ᠳᠤ ᠬᠡᠷᠡᠭᠯᠡᠬᠦᠯᠬᠦ ᠪᠠᠷ ᠳᠤᠬᠢᠷᠠᠭᠤᠯᠵᠤ᠂ ᠳᠠᠷᠠᠭ᠎ᠠ ᠪᠠᠷ ᠬᠤᠳᠠᠯᠳᠤᠨ ᠠᠪᠬᠤ ᠬᠡᠷᠡᠭᠴᠡᠭᠡ | ᠱᠠᠭᠠᠷᠳᠠᠯᠭ᠎ᠠ ᠪᠠᠨ ᠦᠨᠳᠦᠰᠦᠯᠡᠨ ᠴᠠᠭ ᠳᠤᠬᠠᠢ ᠳᠤ ᠨᠢ ᠪᠡᠯᠡ ᠮᠦᠩᠭᠦ ᠳᠤᠬᠢᠷᠠᠭᠤᠯᠵᠤ᠂ ᠳᠠᠷᠢᠶᠠᠴᠢᠳ ᠤᠨ ︽ᠠᠮᠤ | ᠪᠤᠳᠠᠭ᠎ᠠ ᠶᠢ ᠨᠢ ᠬᠤᠳᠠᠯᠳᠤᠵᠤ ᠭᠠᠷᠭᠠᠬᠤ᠂ ᠵᠤᠭᠤᠰ ᠢ ᠨᠢ ᠭᠠᠷ ᠲᠤ ᠨᠢ ᠠᠳᠬᠤᠭᠤᠯᠬᠤ︾ ᠶᠢ ᠨᠢ ᠪᠠᠳᠤᠯᠠᠨ᠎ᠠ | ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠤᠷᠲᠤ ᠬᠤᠭᠤᠴᠠᠭᠠᠨ ᠤ | ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ | 9 ᠳ᠋ᠦ᠋ᠭᠡᠷ ᠰᠠᠷ᠎ᠠ ᠶᠢᠨ 30 ᠤ ᠡᠳᠦᠷ᠂ ᠡᠳ᠋ ᠤᠨ ᠵᠠᠰᠠᠭ ᠤᠨ ᠶᠠᠮᠤᠨ 2024 ᠣᠨ ᠤ ᠳᠥᠷᠪᠡᠳᠦᠭᠡᠷ | ᠤᠯᠠᠷᠢᠯ ᠤᠨ ᠤᠯᠤᠰ ᠤᠨ ᠵᠢᠭᠡᠯᠡᠯᠭᠡ ᠶᠢ ᠲᠠᠷᠬᠠᠭᠠᠬᠤ ᠬᠤᠯᠪᠣᠭᠳᠠᠯ ᠪᠥᠬᠦᠶ ᠲᠣᠬᠢᠷᠠᠭᠤᠯᠤᠯᠲᠠ ᠶᠢ ᠨᠡᠶᠢᠲᠡᠯᠡᠵᠦ᠂ | ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠣᠷᠳᠣ ᠬᠤᠭᠤᠴᠠᠭᠠᠨ ᠤ | ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ | ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ ᠳᠡᠯᠭᠡᠭᠦᠷ ᠠᠴᠠ | ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠲᠣᠭᠲᠠᠭᠰᠠᠨ ᠲᠤᠭ᠎ᠠ ᠭᠡᠵᠦ ᠦᠭᠡᠢ | ᠪᠤᠭᠤᠮᠲᠠ ᠶᠢᠨ ᠶᠡᠷᠦᠩᠭᠡᠢ ᠵᠠᠭᠢᠷᠭ᠎ᠠ ᠤᠷᠴᠢᠮᠬᠠᠨ ︽ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠪᠣᠭᠤᠮᠲᠠ ᠬᠤᠲᠠ ᠶᠢᠨ ᠳᠣᠲᠣᠷᠠᠬᠢ ᠭᠠᠶᠢᠯᠢ ᠠᠴᠠ ᠬᠡᠯᠲᠤᠷᠢᠭᠦᠯᠭᠦ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠶᠢ ᠨᠡᠶᠢᠲᠡᠯᠡᠪᠡ᠃ ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ | ᠳᠡᠯᠭᠡᠭᠦᠷ ᠠᠴᠠ ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠨᠢ ᠪᠠᠷᠠᠭ᠎ᠠ ᠬᠤᠳᠠᠯᠳᠤᠨ ᠠᠪᠬᠤ | ᠲᠣᠭᠲᠠᠭᠰᠠᠨ ᠲᠤᠭ᠎ᠠ ᠲᠣᠭᠲᠠᠭᠠᠬᠤ ᠦᠭᠡᠢ᠂ ᠭᠡᠪᠡᠴᠦ ᠠᠶᠠᠨᠴᠢᠳ ᠤᠨ ᠠᠪᠴᠤ ᠶᠠᠪᠤᠭ᠎ᠠ ᠡᠳ᠋ ᠪᠠᠷᠠᠭ᠎ᠠ ᠨᠢ | ᠬᠢᠯᠢ ᠪᠠᠷ ᠣᠷᠣᠭᠤᠯᠵᠤ ᠭᠠᠷᠭᠠᠬᠤ ᠳᠤ ᠥᠪᠡᠷᠲᠡᠭᠡᠨ ᠬᠡᠷᠡᠭᠯᠡᠬᠦ᠂ ᠵᠦᠢ ᠵᠣᠬᠢᠰᠲᠠᠢ ᠲᠤᠭ᠎ᠠ ᠪᠠᠷ ᠬᠢᠵᠠᠭᠠᠷᠯᠠᠬᠤ | ᠪᠣᠭᠤᠳᠠᠯ ᠪᠠᠭᠯᠠᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ | ᠪᠡᠭᠡᠵᠢᠩ | ᠭᠡᠷ ᠪᠠᠶᠢᠰᠢᠩ ᠭᠠᠵᠠᠷ ᠬᠦᠷᠦᠩᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠲᠣᠬᠢᠷᠠᠭᠤᠯᠪᠠ | ᠬᠤᠶᠠᠳᠤᠭᠠᠷ ᠢᠵᠢ ᠭᠡᠷ ᠪᠠᠶᠢᠰᠢᠩ ᠤᠨ ᠬᠤᠳᠠᠯᠳᠤᠭᠠᠨ ᠤ ᠵᠢᠭᠡᠯᠡᠯᠭᠡ ᠶᠢᠨ ᠠᠩᠬ᠎ᠠ ᠲᠤᠰᠢᠶᠠᠬᠤ ᠮᠥᠩᠭᠦ ᠶᠢ | ᠬᠠᠮᠤᠭ ᠤᠨ ᠳᠣᠣᠷ᠎ᠠ ᠳᠤ ᠪᠠᠨ 20% ᠠᠴᠠ ᠳᠣᠣᠷ᠎ᠠ ᠪᠠᠶᠢᠯᠭᠠᠬᠤ ᠦᠭᠡᠢ | ᠪᠡᠭᠡᠵᠢᠩ ᠠᠴᠠ ᠪᠤᠰᠤᠳ ᠡᠷᠦᠬᠡ ᠠᠮᠠ ᠲᠠᠢ ᠬᠥᠮᠥᠨ ᠭᠡᠷ ᠪᠠᠶᠢᠰᠢᠩ ᠬᠤᠳᠠᠯᠳᠤᠨ ᠠᠪᠬᠤ ᠳᠤ ᠨᠡᠶᠢᠭᠡᠮ ᠤᠨ | ᠪᠠᠲᠤᠯᠠᠭ᠎ᠠ ᠲᠤᠰᠢᠶᠠᠬᠤ ᠬᠤᠭᠤᠴᠠᠭ᠎ᠠ ᠶᠢ ᠨᠢ ᠳᠣᠷᠣᠭᠰᠢᠯᠠᠭᠤᠯᠪᠠ | ᠪᠡᠭᠡᠵᠢᠩ ᠤᠨ ᠡᠷᠦᠬᠡ ᠠᠮᠠ ᠲᠠᠢ ᠬᠤᠶᠠᠷ ᠠᠴᠠ ᠳᠡᠭᠡᠭᠰᠢ ᠬᠡᠤᠬᠡᠳ ᠲᠠᠢ ᠭᠡᠷ ᠪᠦᠯᠢ ᠨᠢ ᠭᠡᠷ ᠪᠠᠶᠢᠰᠢᠩ | ᠬᠤᠳᠠᠯᠳᠤᠨ ᠠᠪᠬᠤ ᠳᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠥᠭᠬᠦ ᠬᠡᠮᠵᠢᠶ᠎ᠡ ᠶᠢ 40 | ᠲᠦᠮᠡᠨ ᠲᠦᠭᠦᠷᠢᠭ ᠥᠰᠬᠡᠪᠡ | 1000 ᠲᠦᠮᠡᠨ ᠲᠥᠭᠦᠷᠢᠭ ᠤᠨ ᠺᠢᠨᠣ᠋ ᠦᠵᠡᠬᠦ ᠨᠥᠬᠦᠪᠥᠷᠢ ᠣᠯᠭᠤᠨ᠎ᠠ | ᠪᠦᠬᠦ ᠬᠤᠲᠠ ᠶᠢᠨ 250 ᠭᠠᠷᠣᠢ ᠡᠵᠡᠩᠨᠡᠵᠦ ᠪᠠᠶᠢᠭ᠎ᠠ ᠺᠢᠨᠣ᠋ ᠲᠢᠶᠠᠲᠷ ᠢ ᠬᠠᠮᠤᠷᠴᠤ᠂ 100 ᠲᠦᠮᠡ ᠰᠢᠬᠠᠮ | ᠬᠦᠮᠦᠨ ᠣᠳᠠᠭ᠎ᠠ ᠳᠤ ᠠᠰᠢᠭ ᠬᠦᠷᠳᠡᠭᠡᠬᠦ ᠪᠠᠷ ᠵᠢᠱᠢᠵᠦ ᠪᠣᠢ | ᠱᠠᠩᠬᠠᠢ | ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠪᠡ | ᠱᠠᠩᠬᠠᠢ ᠠᠴᠠ ᠪᠤᠰᠤᠳ ᠡᠷᠦᠬᠡ ᠠᠮᠠ ᠲᠠᠢ ᠰᠠᠭᠤᠭᠠᠯᠢ ᠠᠷᠠᠳ ᠭᠠᠳᠠᠷ ᠴᠠᠭᠠᠷᠢᠭ ᠠᠴᠠ ᠭᠠᠳᠠᠨᠠᠬᠢ ᠣᠷᠣᠨ | ᠰᠠᠭᠤᠴᠠ ᠶᠢ ᠬᠤᠳᠠᠯᠳᠤᠨ ᠠᠪᠬᠤ ᠳᠤ ᠬᠡᠷᠡᠭᠰᠡᠬᠦ ᠨᠡᠶᠢᠭᠡᠮ ᠤᠨ ᠪᠠᠲᠤᠯᠠᠭ᠎ᠠ ᠪᠤᠶᠤ ᠬᠤᠪᠢ ᠬᠥᠮᠦᠨ ᠤ | ᠣᠯᠵᠠᠪᠤᠷᠢ ᠶᠢᠨ ᠭᠠᠶᠢᠯᠢ ᠶᠢᠨ ᠣᠨ ᠤ ᠬᠢᠵᠠᠭᠠᠷ ᠢ ᠨᠢ ᠪᠣᠭᠤᠨᠢᠰᠬᠠᠪᠠ | ᠬᠤᠶᠠᠳᠤᠭᠠᠷ ᠢᠵᠢ ᠤᠷᠤᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠤᠭᠤᠰ ᠤᠨ ᠬᠠᠷᠢᠴᠠᠯ ᠢ ︽ | 25% ᠠᠴᠠ ᠲᠤᠤᠷ᠎ᠠ ᠪᠠᠶᠢᠯᠭᠠᠬᠤ ᠦᠭᠡᠢ︾ ᠭᠡᠵᠦ ᠲᠤᠬᠢᠷᠠᠭᠤᠯᠪᠠ | ᠬᠤᠪᠢ ᠬᠦᠮᠦᠨ ᠤ ᠭᠠᠳᠠᠭᠰᠢ ᠪᠣᠷᠤᠯᠠᠭᠤᠯᠤᠭᠰᠠᠨ ᠣᠷᠣᠨ ᠰᠠᠭᠤᠴᠠ ᠶᠢᠨ ᠥᠷᠲᠡᠭ ᠨᠡᠮᠡᠭᠳᠡᠯ ᠤᠨ ᠭᠠᠶᠢᠯᠢ | ᠲᠠᠲᠠᠪᠤᠷᠢᠯᠠᠬᠤ ᠵᠢᠯ ᠤᠨ ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ | ᠲᠣᠰ ᠬᠤᠲᠠ ᠶᠢᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠬᠦᠴᠦᠯᠡᠨ ᠳᠡᠮᠵᠢᠨ᠎ᠡ | ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠲᠠᠮᠵᠢᠵᠤ᠂ ᠬᠠᠮᠤᠭ ᠤᠨ ᠥᠨᠳᠥᠷ ᠲᠤ ᠪᠠᠨ | 2 ᠲᠦᠮᠡᠨ ᠲᠦᠭᠦᠷᠢᠭ ᠤᠨ ᠨᠦᠬᠦᠪᠦᠷᠢ ᠣᠯᠭᠤᠨ᠎ᠠ | ᠬᠥᠬᠡᠨᠠᠭᠤᠷ ᠮᠤᠵᠢ | ᠡᠯ᠎ᠡ ᠬᠤᠲᠠ ᠶᠢᠨ ᠵᠠᠰᠠᠭ ᠤᠨ ᠣᠷᠳᠣᠨ ᠤ ᠭᠤᠣᠯ ᠴᠣᠭᠴᠠ ᠭᠡᠷ ᠪᠠᠶᠢᠰᠢᠩ ᠬᠤᠳᠠᠯᠳᠤᠨ ᠠᠪᠬᠤ ᠳᠤ | ᠨᠦᠬᠦᠪᠦᠷᠢ ᠣᠯᠭᠤᠬᠤ ᠲᠦᠷᠦ ᠶᠢᠨ ᠪᠣᠳᠣᠯᠭ᠎ᠠ ᠳᠣᠭᠲᠠᠭᠠᠬᠤ ᠶᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠭᠡᠷ ᠪᠦᠯᠢ ᠳᠤ ᠨᠦᠬᠦᠪᠦᠷᠢ ᠣᠯᠭᠤᠨ᠎ᠠ | ᠹᠦᠵᠢᠶᠠᠨ ᠮᠤᠵᠢ | ᠡᠯ᠎ᠡ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ | ᠂ ᠦᠨ᠎ᠡ ᠶᠢ ᠬᠢᠵᠠᠭᠠᠷᠯᠠᠬᠤ ᠶᠢ ᠴᠤᠴᠠᠯᠬᠤ ᠶᠢ ᠳᠡᠮᠵᠢᠵᠦ᠂ ᠨᠢᠭᠡᠨᠲᠡ ᠴᠤᠴᠠᠯᠤᠭᠰᠠᠨ ᠢ ᠨᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠴᠤᠴᠠᠯᠤᠭᠠᠳᠤᠢ ᠶᠢ ᠨᠢ ᠰᠢᠮᠳᠠᠭᠤᠯᠤᠨ ᠦᠨᠡᠯᠡᠨ᠎ᠡ | ᠨᠥᠬᠦᠴᠡᠯ ᠲᠠᠢ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠨᠥᠬᠦᠪᠥᠷᠢ ᠣᠯᠭᠤᠬᠤ ᠶᠢ ᠨᠢ ᠳᠡᠮᠵᠢᠵᠦ | ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠪᠦᠯᠬᠦᠮ ᠢᠶᠠᠷ ᠬᠤᠳᠠᠯᠳᠤᠨ ᠠᠪᠬᠤ ᠳᠤ | ᠬᠠᠷᠠᠭᠠᠯᠵᠠᠯ ᠦᠵᠡᠭᠦᠯᠬᠦ ᠶᠢ ᠨᠢ ᠵᠣᠷᠢᠭᠵᠢᠭᠤᠯᠤᠨ᠎ᠠ | ᠰᠢᠶᠠᠮᠧᠨ | ᠣᠷᠣᠨ ᠰᠠᠭᠤᠴᠠ ᠬᠤᠳᠠᠯᠳᠤᠬᠤ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠪᠠ | ᠣᠷᠣᠨ ᠰᠠᠭᠤᠴᠠ ᠶᠢᠨ ᠢᠵᠢ ᠲᠤᠭ᠎ᠠ ᠶᠢ ᠣᠷᠣᠨ ᠰᠠᠭᠤᠴᠠ ᠬᠤᠳᠠᠯᠳᠤᠨ ᠠᠪᠬᠤ ᠪᠠᠷ ᠪᠠᠶᠢᠭ᠎ᠠ ᠭᠠᠵᠠᠷ ᠤᠨ | ᠲᠣᠭᠤᠷᠢᠭ ᠤᠨ ᠬᠡᠪᠴᠢᠶᠡᠨ ᠳᠤ ᠦᠨᠡᠮᠰᠢᠨ᠎ᠡ | ᠾᠧᠨᠠᠨ ᠮᠤᠵᠢ | ᠬᠤᠳᠠᠯᠳᠤᠨ ᠠᠪᠬᠤ ᠬᠢᠵᠠᠭᠠᠷᠯᠠᠯ ᠢ ᠪᠥᠬᠦ ᠲᠠᠯ᠎ᠠ ᠪᠠᠷ ᠴᠤᠴᠠᠯᠪᠠ | ᠡᠯ᠎ᠡ ᠭᠠᠵᠠᠷ ᠤᠨ ᠬᠢᠨ ᠪᠡᠶ᠎ᠡ ᠪᠠᠨ ᠳᠠᠭᠠᠭᠠᠵᠤ ᠨᠦᠬᠦᠪᠦᠷᠢ ᠣᠯᠭᠤᠬᠤ ᠠᠷᠭ᠎ᠠ ᠬᠡᠮᠵᠢᠶ᠎ᠡ ᠳᠣᠭᠲᠠᠭᠠᠬᠤ ᠶᠢ ᠨᠢ | ᠵᠣᠷᠢᠭᠵᠢᠭᠤᠯᠵᠤ᠂ ᠬᠠᠭᠤᠴᠢᠨ ᠭᠡᠷ ᠪᠠᠶᠢᠰᠢᠩ ᠢ ᠵᠠᠰᠠᠵᠤ ᠴᠢᠮᠡᠬᠦ᠂ ᠲᠣᠭᠤᠭᠠᠨ ᠭᠡᠷ ᠵᠣᠷᠯᠣᠩ ᠵᠡᠷᠭᠡ ᠬᠡᠰᠡᠭ | ᠭᠠᠵᠠᠷ ᠢ ᠥᠭᠡᠷᠡᠴᠢᠯᠡᠨ ᠵᠠᠰᠠᠬᠤ ᠪᠠ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠨ ᠵᠠᠰᠠᠬᠤ ᠵᠡᠷᠭᠡ ᠳᠤ ᠬᠡᠷᠡᠭᠰᠡᠬᠦ | ᠡᠳ᠋ ᠪᠤᠳᠠᠰ ᠪᠣᠯᠣᠨ ᠮᠠᠲ᠋ᠧᠷᠢᠶᠠᠯ ᠳᠤ ᠨᠦᠬᠦᠪᠦᠷᠢ ᠣᠯᠭᠤᠵᠤ᠂ ᠢᠵᠢ ᠪᠦᠷᠢ ᠳᠤ ᠬᠠᠮᠤᠭ ᠤᠨ ᠥᠨᠳᠥᠷ ᠲᠤ ᠪᠠᠨ 2 | ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ | ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠵᠢᠭᠡᠯᠡᠯᠭᠡ ᠶᠢᠨ | ᠲᠤᠭ᠎ᠠ ᠶᠢᠨ ᠳᠡᠭᠡᠳᠦ ᠬᠢᠵᠠᠭᠠᠷ ᠢ ᠵᠦᠢ ᠵᠣᠬᠢᠰᠲᠠᠢ ᠳᠡᠭᠡᠭᠰᠢᠯᠡᠭᠦᠯᠬᠦ ᠶᠢ ᠨᠢ ᠳᠡᠮᠵᠢᠵᠦ᠂ ᠣᠯᠠᠨ ᠬᠡᠦᠬᠡᠳ ᠲᠠᠢ ᠭᠡᠷ | ᠪᠦᠯᠢ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠢᠨ ᠠᠪᠴᠢᠷᠠᠬᠤ ᠵᠡᠷᠭᠡ ᠳᠤ 20% ᠪᠠᠷ | ᠵᠢᠭᠡᠯᠡᠯᠭᠡ ᠶᠢᠨ ᠲᠤᠭ᠎ᠠ ᠶᠢ ᠨᠢ ᠳᠡᠭᠡᠭᠰᠢᠯᠡᠭᠦᠯᠵᠦ ᠪᠣᠯᠤᠨ᠎ᠠ | ᠭᠤᠸᠠᠩᠳᠦ᠋ᠩ ᠮᠤᠵᠢ | ᠭᠤᠸᠠᠩᠵᠸᠣ | ᠪᠦᠬᠦ ᠬᠤᠲᠠ ᠶᠢᠨ ᠬᠡᠪᠴᠢᠶᠡᠨ ᠳᠤ ᠣᠷᠣᠨ ᠰᠠᠭᠤᠴᠠ ᠬᠤᠳᠠᠯᠳᠤᠨ ᠠᠪᠬᠤ ᠳᠤ ᠭᠡᠷ ᠪᠠᠶᠢᠰᠢᠩ ᠬᠤᠳᠠᠯᠳᠤᠨ | ᠠᠪᠬᠤ ᠬᠢᠷᠢ ᠬᠡᠮ ᠢ ᠨᠢ ᠳᠠᠬᠢᠵᠤ ᠬᠢᠨᠠᠨ ᠬᠠᠷᠭᠤᠭᠤᠯᠬᠤ ᠦᠭᠡᠢ ᠪᠣᠯᠵᠤ᠂ ᠭᠡᠷ ᠪᠠᠶᠢᠰᠢᠩ ᠬᠤᠳᠠᠯᠳᠤᠨ ᠠᠪᠬᠤ | ᠲᠤᠭ᠎ᠠ ᠶᠢ ᠨᠢ ᠳᠠᠬᠢᠵᠤ ᠬᠢᠵᠠᠭᠠᠷᠯᠠᠬᠤ ᠦᠭᠡᠢ ᠪᠣᠯᠪᠠ | ᠱᠧᠨᠵᠧᠨ | ᠲᠣᠭᠤᠷᠢᠭ ᠬᠤᠪᠢᠶᠠᠨ ᠣᠷᠣᠨ ᠰᠠᠭᠤᠴᠠ ᠬᠤᠳᠠᠯᠳᠤᠨ ᠠᠪᠬᠤ ᠶᠢ ᠨᠢ ᠬᠢᠵᠠᠭᠠᠷᠯᠠᠬᠤ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠪᠡ | ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠰᠢᠯᠵᠢᠭᠦᠯᠦᠨ | ᠥᠭᠬᠦ ᠬᠢᠵᠠᠭᠠᠷᠯᠠᠯ ᠢ ᠴᠤᠴᠠᠯᠪᠠ | ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠦᠨ᠎ᠡ | ᠬᠠᠩᠰᠢ ᠶᠢ ᠳᠠᠩᠰᠠᠯᠠᠬᠤ ᠴᠤᠪᠤᠷᠠᠯ ᠢ ᠰᠢᠯᠢᠳᠡᠭᠵᠢᠭᠦᠯᠪᠡ | ᠬᠤᠪᠢ ᠬᠦᠮᠦᠨ ᠤ ᠣᠷᠣᠨ ᠰᠠᠭᠤᠴᠠ ᠶᠢᠨ ᠰᠢᠯᠵᠢᠭᠦᠯᠦᠨ ᠦᠭᠬᠦ ᠥᠷᠲᠡᠭ ᠨᠡᠮᠡᠭᠳᠡᠯ ᠤᠨ ᠭᠠᠶᠢᠯᠢ ᠶᠢᠨ | ᠲᠠᠲᠠᠪᠤᠷᠢᠯᠠᠬᠤ ᠠᠴᠠ ᠬᠡᠯᠲᠦᠷᠢᠭᠦᠯᠬᠦ ᠵᠢᠯ ᠤᠨ ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ | ᠹᠦᠸᠧ ᠱᠠᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠭᠠᠷᠭᠠᠨ ᠠᠪᠴᠤ ᠣᠷᠣᠨ ᠰᠠᠭᠤᠴᠠ | ᠬᠤᠳᠠᠯᠳᠤᠨ ᠠᠪᠬᠤ ᠠᠩᠬ᠎ᠠ ᠲᠤᠰᠢᠶᠠᠬᠤ ᠵᠣᠭᠤᠰ ᠲᠥᠯᠥᠬᠦ ᠶᠢ ᠨᠢ ᠵᠥᠪᠰᠢᠶᠡᠷᠡᠨ᠎ᠡ | ᠵᠢᠶᠠᠩᠰᠦ ᠮᠤᠵᠢ | ᠨᠠᠨᠵᠢᠩ | 20 ᠳ᠋ᠦᠩᠰᠢᠭᠤᠷ ᠲᠦᠭᠦᠷᠢᠭ ᠣᠷᠴᠢᠮ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠳᠬᠡᠵᠦ ᠮᠠᠰᠢᠨ | ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ 9 ᠲᠠᠯ᠎ᠠ ᠶᠢᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠨᠢ ᠳᠡᠮᠵᠢᠨ᠎ᠡ | ᠡᠦ ᠰᠢ | ᠪᠠᠶᠢᠭ᠎ᠠ ᠲᠣᠭᠤᠷᠢᠭ ᠢᠶᠠᠷ ᠨᠢ ᠠᠩᠬᠠᠳᠠᠭᠴᠢ ᠢᠵᠢ ᠣᠷᠣᠨ ᠰᠠᠭᠤᠴᠠ ᠶᠢ ᠨᠢ ᠦᠨᠡᠮᠰᠢᠨ᠎ᠡ | ᠲᠤᠷᠰᠢᠯᠲᠠ ᠶᠢᠨ ᠴᠡᠭ ᠨᠢ ᠬᠠᠮᠲᠤ ᠪᠠᠷ ᠥᠮᠴᠢᠯᠡᠬᠦ ᠡᠷᠬᠡ ᠶᠢᠨ ᠬᠡᠯᠪᠡᠷᠢ ᠪᠠᠷ ᠣᠨᠴᠠ ᠲᠣᠭᠲᠠᠭᠰᠠᠨ | ᠬᠥᠮᠥᠰ ᠲᠤ ᠲᠠᠸᠠᠷ ᠤᠨ ᠣᠷᠣᠨ ᠰᠠᠭᠤᠴᠠ ᠬᠤᠳᠠᠯᠳᠤᠨ᠎ᠠ | ᠬᠤᠪᠧᠢ ᠮᠤᠵᠢ | ᠦᠬᠠᠨ | 10 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ | ᠬᠤᠭᠤᠴᠠᠭᠠᠨ ᠳᠤ ᠣᠷᠣᠨ ᠰᠠᠭᠤᠴᠠ ᠬᠤᠳᠠᠯᠳᠤᠨ ᠠᠪᠬᠤ ᠬᠠᠷᠠᠭᠠᠯᠵᠠᠯ ᠤᠨ ᠳᠡᠮᠵᠢᠯᠭᠡ ᠦᠵᠡᠭᠦᠯᠵᠦ᠂ | ᠠᠩᠬᠠᠳᠠᠭᠴᠢ ᠢᠵᠢ ᠣᠷᠣᠨ ᠰᠠᠭᠤᠴᠠ ᠳᠤ ᠣᠷᠣᠨ ᠰᠠᠭᠤᠴᠠ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢ | ᠬᠠᠮᠤᠭ ᠤᠨ ᠥᠨᠳᠥᠷ ᠲᠤ ᠪᠠᠨ ᠪᠥᠬᠦ ᠲᠤᠭ᠎ᠠ ᠪᠠᠷ ᠨᠢ ᠨᠥᠬᠦᠪᠦᠷᠢᠯᠡᠵᠦ ᠪᠣᠯᠣᠨ᠎ᠠ | ᠡᠩ ᠤᠨ ᠣᠷᠣᠨ ᠰᠠᠭᠤᠴᠠ ᠪᠣᠯᠤᠨ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ | ᠴᠤᠴᠠᠯᠪᠠ | ᠨᠡᠭᠡᠭᠡᠨ ᠬᠦᠭᠵᠢᠬᠦᠯᠬᠦ ᠠᠵᠦ ᠠᠬᠤᠶᠢᠯᠠᠯ ᠤᠳ ᠢᠵᠢ ᠳᠣᠳᠣᠷᠡᠬᠢ ᠳᠡᠯᠡᠪᠡᠢ ᠪᠤᠶᠤ ᠢᠵᠢ ᠪᠠᠷ ᠦᠨ᠎ᠠ ᠪᠤᠳᠣᠬᠤ | ᠠᠷᠭ᠎ᠠ ᠮᠠᠶ᠋ᠢᠭ ᠢ ᠰᠣᠩᠭᠤᠵᠤ ᠳᠡᠸᠡᠷ ᠤᠨ ᠣᠷᠣᠨ ᠰᠠᠭᠤᠴᠠ ᠪᠠᠨ ᠪᠤᠷᠣᠯᠠᠭᠤᠯᠬᠤ ᠶᠢ ᠨᠢ ᠵᠣᠷᠢᠠᠠᠵᠢᠭᠤᠯᠥᠨ᠎ᠠ | ᠱᠠᠨᠳᠦ᠋ᠩ ᠮᠤᠵᠢ | ᠵᠢᠨᠠᠨ | ᠬᠤᠶᠠᠷ ᠵᠢᠴᠢ ᠲᠡᠭᠦᠨ ᠠᠴᠠ ᠳᠡᠭᠡᠭᠰᠢᠬᠢ ᠬᠡᠦᠬᠡᠳ ᠲᠠᠢ ᠭᠡᠷ ᠪᠦᠯᠢ ᠨᠢ ᠵᠢᠨᠠᠨ ᠬᠤᠲᠠ ᠠᠴᠠ ᠥᠪᠡᠰᠦᠪᠡᠨ | ᠰᠠᠭᠤᠬᠤ ᠡᠩ ᠤᠨ ᠣᠷᠣᠨ ᠰᠠᠭᠤᠴᠠ ᠬᠤᠳᠠᠯᠳᠤᠨ ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠵᠢᠭᠡᠯᠡᠯᠭᠡ ᠭᠤᠶᠤᠴᠢᠯᠠᠭᠰᠠᠨ ᠪᠣᠯ᠂ ᠬᠠᠮᠤᠭ ᠤᠨ ᠦᠨᠳᠦᠷ ᠵᠢᠭᠡᠯᠡᠯᠭᠡ ᠶᠢᠨ ᠲᠤᠭ᠎ᠠ ᠶᠢ ᠭᠡᠷ ᠪᠦᠯᠢ ᠶᠢᠨ ᠲᠤᠰ | ᠬᠤᠭᠤᠴᠠᠭᠠᠨ ᠤ ᠬᠠᠮᠤᠭ ᠤᠨ ᠦᠨᠳᠦᠷ ᠵᠢᠭᠡᠯᠡᠯᠭᠡ ᠶᠢᠨ ᠬᠢᠵᠠᠭᠠᠷ ᠲᠤᠭ᠎ᠠ ᠶᠢ ᠦᠨᠳᠦᠰᠦᠯᠡᠨ 30% ᠪᠠᠷ ᠦᠰᠭᠡᠨ᠎ᠡ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠬᠡᠷᠡᠭᠯᠡᠵᠦ ᠥᠩᠭᠡᠷᠡᠭᠰᠡᠨ ᠦᠭᠡᠢ ᠲᠤᠰᠢᠶᠠᠨ | ᠬᠠᠳᠠᠭᠠᠯᠠᠭᠤᠯᠬᠤ ᠠᠵᠢᠯᠲᠠᠨ ᠠᠵᠢᠯᠴᠢᠨ ᠤ ᠭᠡᠷ ᠪᠦᠯᠢ ᠨᠢ ᠬᠤᠶᠠᠳᠤᠭᠠᠷ ᠢᠵᠢ ᠣᠷᠣᠨ ᠰᠠᠭᠤᠴᠠ ᠬᠤᠳᠠᠯᠳᠤᠨ | ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠭᠤᠶᠤᠴᠢᠯᠠᠭᠰᠠᠨ ᠪᠣᠯ᠂ ᠠᠩᠬᠠᠳᠠᠭᠴᠢ | ᠣᠷᠣᠨ ᠰᠠᠭᠤᠴᠠ ᠪᠠᠷ ᠦᠨᠡᠮᠰᠢᠨ᠎ᠡ | | | |