ᠦᠰᠦᠭ ᠪᠢᠴᠢᠭ ᠢᠶᠠᠷ ᠦᠬᠦᠯᠡᠬᠦᠢ᠄ ᠤᠯᠠᠭᠠᠨᠬᠤᠲᠠ ︵ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︶ ᠬᠡᠷᠡᠭᠯᠡᠭᠡᠨ ᠤ ᠵᠤᠶᠢᠯ ᠤᠨ ᠵᠠᠬ᠎ᠠ ᠳᠡᠯᠭᠡᠭᠦᠷ ᠤᠨ ᠠᠬᠢᠴᠠ ᠶᠢ ᠲᠦᠷᠭᠡᠳᠭᠡᠵᠤ ᠪᠠᠶᠢᠭ᠎ᠠ ᠲᠤᠬᠠᠢ ᠠᠵᠢᠯᠯᠠᠭ᠎ᠠ
ᠨᠡᠶᠢᠲᠡᠯᠡᠭᠰᠡᠨ ᠴᠠᠭ᠄
2024/11/9
    ᠤᠯᠠᠭᠠᠨᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠮᠥᠩᠭᠦ 1600 ᠭᠠᠷᠤᠶ ᠲᠦᠮᠡᠨ ᠲᠥᠭᠦᠷᠢᠭ ᠪᠣᠯᠪᠠ᠂ ᠡᠨᠡ ᠨᠢ 1.25 ᠳ᠋ᠦᠩᠰᠢᠭᠤᠷ ᠲᠦᠬᠦᠷᠢᠭ ᠤᠨ ᠬᠡᠷᠡᠭᠯᠡᠭᠡ ᠶᠢ ᠲᠠᠶᠢᠴᠢᠯᠡᠪᠡ᠃   ᠡᠯ᠎ᠡ ᠬᠦᠷᠢᠶᠡᠨ ᠤ ᠨᠦᠬᠦᠪᠦᠷᠢ ᠶᠢᠨ ᠬᠤᠪᠢᠶᠠᠷᠢᠯᠠᠯᠲᠠ᠄    ᠬᠡᠷ ᠤᠨ ᠴᠠᠬᠢᠯᠭᠠᠨ ᠬᠡᠷᠡᠭᠰᠡᠯ ᠤᠨ ᠠᠵᠢᠯ ᠲᠦᠷᠦᠯ ᠳᠤ 260 ᠭᠠᠷᠤᠢ ᠲᠦᠮᠡᠨ ᠲᠦᠬᠦᠷᠢᠭ ᠤᠨ ᠨᠦᠬᠦᠪᠦᠷᠢ ᠲᠠᠷᠬᠠᠭᠠᠵᠤ᠂ 1400 ᠭᠠᠷᠤᠢ ᠲᠦᠮᠡᠨ ᠲᠦᠬᠦᠷᠢᠭ ᠤᠨ ᠬᠡᠷᠡᠭᠯᠡᠭᠡ ᠶᠢ ᠲᠠᠶᠢᠴᠢᠯᠠᠵᠠᠢ᠃ ᠮᠠᠰᠢᠨ ᠲᠡᠷᠭᠡᠨ ᠤ ᠠᠵᠢᠯ ᠲᠥᠷᠥᠯ ᠳᠤ 1340 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ 1.1 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠠᠢ᠃    9 ᠰᠠᠷ᠎ᠠ ᠶᠢᠨ 30 ᠤ ᠡᠳᠦᠷ ᠪᠥᠬᠦ ᠠᠶᠢᠮᠠᠭ ᠲᠤ ᠬᠡᠷ ᠤᠨ ᠴᠠᠬᠢᠯᠭᠠᠨ ᠬᠡᠷᠡᠭᠰᠡᠯ  ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠸᠠ ᠱᠧᠩ᠂ ᠧᠦ ᠶᠠ᠂ ᠬᠠᠶ ᠡᠯ ᠬᠡᠷ ᠤᠨ ᠴᠠᠬᠢᠯᠭᠠᠨ ᠬᠡᠷᠡᠭᠰᠡᠯ ᠵᠡᠷᠭᠡ  ᠤᠯᠠᠭᠠᠨᠬᠤᠲᠠ ᠶᠢᠨ 11 ᠠᠵᠤ ᠠᠬᠤᠶᠢᠯᠠᠯ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠢᠳᠤᠨᠤᠨ ᠤ ᠪᠤᠷᠤᠯᠠᠭᠤᠯᠭ᠎ᠠ ᠰᠠᠶᠢᠳᠠᠢ ᠬᠤᠭᠤᠴᠠᠭᠠᠨ  ᠤ ᠬᠢ ᠠᠴᠠ ᠨᠢᠭᠡ ᠳᠠᠬᠢᠨ ᠢᠶᠠᠷ ᠨᠡᠮᠡᠭᠳᠡᠵᠡᠶ᠂ ᠡᠭᠦᠨ ᠳᠤ ᠤᠶᠤᠨᠲᠤ ᠬᠥᠯᠳᠡᠭᠡᠭᠦᠷ᠂ ᠤᠶᠤᠨᠲᠤ ᠠᠭᠠᠷ ᠲᠣᠬᠢᠷᠠᠭᠤᠯᠤᠭᠴᠢ᠂ ᠤᠶᠤᠨᠲᠤ ᠲᠧᠯᠸᠢᠰ ᠤᠨ ᠬᠡᠷᠡᠭᠯᠡᠭᠡ ᠨᠡᠯᠢᠶᠡᠳ ᠥᠨᠳᠥᠷ ᠪᠣᠯᠪᠠ᠃   ᠪᠣᠬᠢᠷᠳᠤᠯ ᠦᠭᠡᠢ ᠬᠡᠷᠡᠭᠯᠡᠭᠡ ᠢᠯᠡᠳᠲᠡ ᠳᠡᠭᠡᠭᠰᠢᠯᠡᠪᠡ    ᠡᠨᠡ ᠵᠢᠯ ᠤᠨ 4 ᠰᠠᠷ᠎ᠠ ᠶᠢᠨ ᠰᠡᠭᠦᠯᠴᠢ ᠪᠣᠯᠲᠠᠯ᠎ᠠ ᠮᠠᠰᠢᠨ ᠲᠡᠷᠭᠡᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠠᠴᠠ ᠨᠠᠰᠢ᠂ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠦᠷᠦᠭᠦᠯᠡᠨ᠂ ᠲᠠᠪᠤᠨ ᠰᠠᠷ᠎ᠠ ᠶᠢᠨ ᠨᠢᠭᠡᠨ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠭᠤᠤᠯ ᠰᠡᠳᠦᠪᠲᠦ ᠲᠡᠷᠭᠡᠨ ᠦᠵᠡᠭᠦᠯᠭᠡ ᠡᠷᠭᠢᠯᠡᠵᠦ᠂ ᠤᠯᠠᠭᠠᠨᠬᠤᠲᠠ ᠶᠢᠨ ᠮᠠᠰᠢᠨ ᠲᠡᠷᠭᠡ ᠪᠣᠷᠣᠯᠠᠭᠤᠯᠭ᠎ᠠ 30 ᠠᠵᠤ ᠠᠬᠤᠶᠢᠯᠠᠯ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠪᠠᠷ ᠳᠠᠮᠵᠢᠭᠤᠯᠤᠨ 729 ᠮᠠᠰᠢᠨ ᠲᠡᠷᠭᠡ ᠪᠣᠷᠣᠯᠠᠭᠤᠯᠵᠠᠢ᠃    ︽ᠬᠠᠭᠤᠴᠢᠨ ᠢᠶᠠᠷ ᠰᠢᠨ᠎ᠡ ᠶᠢ ᠰᠣᠯᠢᠬᠤ︾ ᠤᠶᠤᠨᠴᠢᠯᠠᠭᠰᠠᠨ ᠬᠡᠷ ᠤᠨ ᠡᠳ᠋ᠯᠡᠯ ᠬᠡᠷᠡᠭᠰᠡᠯ ᠢ ᠨᠠᠶᠢᠳᠠᠪᠤᠷᠢᠵᠢᠭᠤᠯᠵᠤ ᠪᠤᠢ   ᠤᠯᠠᠭᠠᠨᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠶᠠᠭ ᠬᠡᠷ ᠤᠨ ᠡᠳ᠋ᠯᠡᠯ ᠬᠡᠷᠡᠭᠰᠡᠯ ᠤᠨ ᠲᠥᠷᠥᠯ ᠤᠨ ᠲᠠᠸᠠᠷ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠪᠠᠶᠢᠨ᠎ᠠ᠃ ᠣᠳᠣᠬᠠᠨ ᠳᠤ᠂ ᠵᠢᠦ ᠮᠦ ᠤᠬᠢᠶᠠᠯᠭ᠎ᠠ ᠶᠢᠨ ᠬᠡᠷᠡᠭᠰᠡᠯ᠂ ᠳ᠋ᠧ ᠱᠢ ᠮᠠᠨ ᠤᠶᠤᠨᠴᠢᠯᠠᠭᠰᠠᠨ ᠤᠨᠢᠰᠤ ᠵᠡᠷᠭᠡ 10 ᠭᠠᠷᠤᠢ ᠠᠵᠤ ᠠᠬᠤᠶᠢᠯᠠᠯ ᠢ ᠡᠯᠰᠡᠨ ᠴᠤᠭᠯᠠᠭᠤᠯᠵᠤ᠂ ᠭᠡᠷ ᠤᠨ ᠡᠳ᠋ᠯᠡᠯ ᠬᠡᠷᠡᠭᠰᠡᠯ ᠢᠶᠠᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠳᠤ ᠣᠷᠣᠯᠴᠠᠭᠤᠯᠵᠤ᠂ ᠭᠡᠷ ᠤᠨ ᠡᠳ᠋ᠯᠡᠯ ᠬᠡᠷᠡᠭᠰᠡᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠶᠢ ᠠᠬᠢᠭᠤᠯᠵᠤ ᠪᠤᠢ᠃                   
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号