| ᠵᠢᠵᠢᠭ ᠠᠵᠤ ᠠᠬᠤᠶᠢᠯᠠᠯ ᠪᠣᠯ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ | ᠪᠦᠷᠢᠯᠳᠦᠬᠦᠨ ᠬᠡᠰᠡᠭ ᠮᠥᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠴᠢᠬᠤᠯᠠ ᠲᠤᠯᠭᠠᠭᠤᠷᠢᠯᠠᠯ ᠮᠥᠨ᠂ ᠤᠶᠢᠷ᠎ᠠ ᠶᠢᠨ ᠬᠡᠳᠦᠨ ᠡᠳᠦᠷ ᠤᠨ ᠲᠤᠷᠰᠢ᠂ ᠤᠯᠠᠭᠠᠨᠬᠤᠲᠠ | ᠢᠳᠡᠪᠬᠢᠲᠡᠶ ᠴᠤᠤᠷᠢᠶᠠᠲᠤᠨ ᠳᠠᠭᠠᠵᠤ᠂ ᠲᠠᠷᠤᠶᠢᠬᠠᠨ ᠬᠥᠳᠡᠯᠦᠯᠴᠡᠵᠦ᠂ ᠤᠯᠠᠭᠠᠨᠬᠤᠲᠠ ᠶᠢᠨ ᠵᠢᠵᠢᠭ ᠠᠵᠤ | ᠠᠬᠤᠶᠢᠯᠠᠯ ᠤᠨ ᠪᠠᠯᠠ ᠮᠦᠩᠬᠦ ᠴᠤᠭᠯᠠᠭᠤᠯᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ︽ᠮᠢᠩᠭᠠᠨ ᠠᠵᠤ | ᠠᠬᠤᠶᠢᠯᠠᠯ ᠲᠦᠮᠡᠨ ᠡᠷᠦᠬᠡ ᠶᠢᠨ ᠶᠡᠭᠡ ᠰᠤᠷᠪᠤᠯᠵᠢᠯᠠᠭ᠎ᠠ︾ ᠶᠢᠨ ᠠᠵᠢᠯᠯᠠᠭ᠎ᠠ ᠶᠢᠨ ᠲᠥᠰᠦᠯ ᠢ ᠲᠣᠭᠲᠠᠭᠠᠵᠤ᠂ | ᠰᠦᠯᠵᠢᠶᠡᠨ ᠳᠡᠭᠡᠷᠡᠬᠢ ᠵᠢᠵᠢᠭ ᠲᠡᠰ ᠲᠠᠷᠠᠭᠠᠯᠠᠯ ᠢ ᠨᠡᠭᠡᠭᠡᠨ ᠬᠥᠭᠵᠢᠭᠦᠯᠵᠦ᠂ ︽ᠤᠯᠠᠭᠠᠨᠬᠤᠲᠠ ᠶᠢᠨ ᠵᠢᠵᠢᠭ ᠠᠵᠤ | ᠠᠬᠤᠶᠢᠯᠠᠯ ᠤᠨ ᠪᠠᠯᠠ ᠮᠦᠩᠬᠦ ᠴᠤᠭᠯᠠᠭᠤᠯᠬᠤ ᠬᠦᠰᠡᠯ ᠰᠠᠨᠠᠭ᠎ᠠ ᠶᠢᠨ ᠰᠦᠯᠵᠢᠶᠡᠨ ᠳᠡᠭᠡᠷᠡᠬᠢ ᠪᠠᠶᠢᠴᠠᠭᠠᠯᠲᠠ ᠶᠢᠨ | ᠬᠦᠰᠦᠨᠦᠭᠲᠦ︾ ᠶᠢ ᠦᠢᠯᠡᠳᠴᠦ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠦᠴᠦᠯᠡᠵᠦ᠂ ᠠᠵᠢᠯᠯᠠᠬᠤ ᠶᠢ | ᠲᠡᠷᠢᠭᠦᠨ ᠳᠤ ᠲᠠᠯᠪᠢᠵᠤ᠂ ᠵᠢᠵᠢᠭ ᠠᠵᠤ ᠠᠬᠤᠶᠢᠯᠠᠯ ᠤᠨ ᠪᠠᠯᠠ ᠮᠦᠩᠬᠦ ᠴᠤᠭᠯᠠᠭᠤᠯᠤᠨ ᠵᠣᠬᠢᠴᠠᠭᠤᠯᠬᠤ ᠠᠵᠢᠯ ᠢ | ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠤᠯᠠᠭᠠᠨᠬᠤᠲᠠ ᠶᠢᠨ ᠨᠢᠭᠡᠨ ᠡᠮ ᠡᠮᠨᠡᠯᠭᠡ ᠶᠢᠨ ᠬᠦᠷᠢᠶᠡᠨ ᠳᠠᠬᠢ ᠵᠢᠵᠢᠭ ᠠᠵᠤ ᠠᠬᠤᠶᠢᠯᠠᠯ ᠪᠠᠯᠠ ᠮᠦᠩᠬᠦ | ᠴᠤᠭᠯᠠᠭᠤᠯᠬᠤ ᠬᠡᠷᠡᠭᠴᠡᠭᠡ ᠲᠠᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠢᠩᠭᠠᠨ ᠠᠶᠢᠮᠠᠭ ᠲᠠᠬᠢ ᠬᠤᠪᠢᠶᠠᠷᠢ | ᠪᠠᠩᠬᠢ ᠶᠢᠨ ᠡᠵᠡᠩᠨᠡᠯᠲᠡ ᠶᠢᠨ ᠲᠠᠰᠤᠭ ᠨᠢ ︽ᠮᠢᠩᠭᠠᠨ ᠠᠵᠤ ᠠᠬᠤᠶᠢᠯᠠᠯ ᠲᠦᠮᠡᠨ ᠡᠷᠦᠬᠡ ᠶᠢᠨ | ᠶᠡᠭᠡ ᠰᠤᠷᠪᠤᠯᠵᠢᠯᠠᠭ᠎ᠠ︾ ᠶᠢᠨ ᠠᠵᠢᠯᠯᠠᠭ᠎ᠠ ᠥᠷᠨᠢᠭᠦᠯᠬᠦ ᠳᠡᠭᠡᠨ ᠲᠣᠰ ᠠᠵᠤ ᠠᠬᠤᠶᠢᠯᠠᠯ ᠤᠨ ᠪᠠᠶᠢᠳᠠᠯ ᠢ | ᠣᠶᠢᠯᠠᠭᠠᠭᠰᠠᠨ ᠤ ᠳᠠᠷᠠᠭ᠎ᠠ᠂ ᠠᠵᠤ ᠠᠬᠤᠶᠢᠯᠠᠯ ᠳᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ︽ᠰᠢᠨ᠎ᠡ ᠨᠢᠭᠡ | ᠦᠶ᠎ᠡ ᠶᠢᠨ ᠡᠵᠡᠩᠨᠡᠯᠲᠡ ᠶᠢᠨ ᠲᠦᠷᠭᠡᠨ ᠵᠢᠭᠡᠯᠡᠯᠭᠡ︾ ᠶᠢ ᠨᠠᠷᠢᠯᠢᠭ ᠣᠨᠣᠴᠠᠲᠠᠶ ᠪᠠᠷ ᠲᠠᠨᠢᠯᠴᠠᠭᠤᠯᠵᠤ᠂ ᠲᠣᠰ | ᠦᠢᠯᠡᠳᠬᠦᠨ ᠤ ᠬᠦᠤ ᠮᠥᠩᠭᠦ ᠶᠢᠨ ᠨᠣᠷᠮ᠎ᠠ ᠨᠢ ᠬᠠᠷᠠᠭᠠᠯᠵᠠᠯ ᠲᠠᠢ ᠪᠠᠶᠢᠵᠤ᠂ ᠡᠳᠦᠷ ᠢᠶᠠᠷ ᠬᠦᠤ ᠮᠥᠩᠭᠦ ᠶᠢ | ᠳ᠋ᠦᠩᠨᠡᠨ ᠪᠤᠳᠤᠵᠤ᠂ ᠵᠢᠭᠡᠯᠡᠬᠦ ᠶᠢᠨ ᠲᠠᠭᠠᠤ ᠪᠤᠴᠠᠭᠠᠵᠤ ᠪᠤᠯᠤᠨ᠎ᠠ᠂ ᠰᠦᠯᠵᠢᠶᠡᠨ ᠳᠡᠭᠡᠷ᠎ᠡ ᠭᠤᠶᠤᠴᠢᠯᠠᠨ | ᠭᠦᠢᠴᠡᠳᠭᠡᠵᠤ ᠪᠣᠯᠤᠨ᠎ᠠ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦᠯᠵᠤ᠂ ᠦᠢᠯᠡᠳᠪᠦᠷᠢ | ᠬᠤᠳᠠᠯᠳᠤᠭᠠᠨ ᠤ ᠪᠠᠩᠬᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠪᠠᠩᠬᠢ ᠶᠢᠨ ᠡᠵᠡᠩᠨᠡᠯᠲᠡ ᠶᠢᠨ ᠲᠠᠰᠤᠭ ᠨᠢ | ᠵᠢᠵᠢᠭ ᠠᠵᠤ ᠠᠬᠤᠶᠢᠯᠠᠯ ᠤᠨ ᠪᠠᠯᠠ ᠮᠦᠩᠬᠦ ᠴᠤᠭᠯᠠᠭᠤᠯᠬᠤ ᠠᠵᠢᠯ ᠤᠨ ᠲᠤᠰᠬᠠᠶ ᠠᠩᠭᠢ ᠶᠢᠨ ᠱᠠᠭᠠᠷᠳᠠᠯᠭ᠎ᠠ ᠶᠢ | ᠡᠷᠡᠰ ᠨᠠᠶᠢᠳᠠᠪᠤᠷᠢᠵᠢᠭᠤᠯᠵᠤ᠂ ᠶᠠᠪᠤᠴᠠ ᠶᠢ ᠰᠢᠯᠢᠳᠡᠭᠵᠢᠭᠦᠯᠦᠨ ᠭᠦᠢᠴᠡᠳᠭᠡᠬᠦ ᠬᠤᠷᠳᠤᠴᠠ ᠶᠢ ᠲᠦᠷᠭᠡᠳᠬᠡᠵᠦ᠂ | ᠠᠷᠠᠢ ᠰᠠᠷ᠎ᠠ ᠪᠤᠯᠤᠯ ᠥᠬᠡᠶ ᠪᠠᠷ ᠠᠵᠤ ᠠᠬᠤᠶᠢᠯᠠᠯ ᠳᠤ 300 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ | ᠠᠵᠤ ᠠᠬᠤᠶᠢᠯᠠᠯ ᠠᠷᠠᠳ ᠲᠤ ᠠᠰᠢᠭ ᠬᠦᠷᠲᠡᠭᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠠᠵᠤ | ᠠᠬᠤᠶᠢᠯᠠᠯ ᠤᠨ ᠪᠣᠳᠠᠲᠠᠶ ᠬᠦᠴᠢᠷᠳᠡᠯ ᠢ ᠦᠨᠡᠨ ᠬᠦ ᠰᠢᠢᠳᠪᠦᠷᠢᠯᠡᠵᠤ ᠦᠭᠴᠠᠢ᠃ |