| | ᠮᠠᠯᠴᠢᠨ ᠲᠠᠷᠢᠶᠠᠴᠢᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ︽ᠠᠶᠢᠮᠠᠭ᠂ ᠬᠤᠰᠢᠭᠤ᠂ ᠪᠠᠯᠭᠠᠰᠤ | ᠰᠢᠶᠠᠩ᠂ ᠭᠠᠴᠠᠭ᠎ᠠ ᠲᠣᠰᠬᠤᠨ︾ ᠳᠥᠷᠪᠡᠨ ᠱᠠᠲᠤᠨ ᠤ ᠱᠦᠵᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠤᠬᠠᠮᠰᠠᠷ ᠢ ᠴᠢᠩᠭᠠᠳᠬᠠᠵᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠲᠤᠰᠬᠠᠶ ᠠᠵᠢᠯ ᠢ ᠠᠬᠢᠭᠤᠯᠬᠤ | ᠬᠤᠷᠠᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 3 ᠤ | ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶᠠᠨ ᠤ ᠤᠬᠠᠭᠤᠯᠬᠤ | ᠬᠡᠯᠲᠡᠰ ᠠᠴᠠ ᠭᠤᠤᠯᠯᠠᠨ ᠡᠷᠭᠢᠯᠡᠭᠰᠡᠨ ᠬᠢᠩᠭᠠᠨ ᠠᠶᠢᠮᠠᠭ ᠤᠨ ︽ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠬᠥᠳᠡᠭᠡ ᠲᠣᠰᠬᠤᠨ ᠳᠤ ᠣᠷᠣᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤᠨ ᠳᠤ ᠶᠠᠪᠤᠭᠳᠠᠪᠠ᠃ | | | | | | | | | | ᠥᠷᠯᠥᠭᠡ ᠡᠷᠲᠡ᠂ ᠨᠠᠷᠠ ᠮᠨᠨᠳᠤᠬᠤ ᠶᠢ ᠳᠠᠭᠠᠯᠳᠤᠨ᠂ ᠬᠢᠩᠭᠠᠨ ᠠᠶᠢᠮᠠᠭ ᠤᠨ ᠤᠯᠠᠭᠠᠨᠮᠥ᠋ᠴᠢᠷ ᠵᠢᠴᠢ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠭᠡᠰᠢᠭᠦᠳ ᠨᠢᠭᠡ ᠲᠠᠩᠬᠢᠮ ᠳᠤ ᠴᠤᠭᠯᠠᠷᠠᠨ᠂ ᠲᠣᠰᠬᠤᠨ ᠤ ᠠᠷᠠᠳ ᠲᠤ ᠨᠢᠭᠡ ᠤᠳᠠᠭᠠᠨ ᠤ ᠭᠤᠶᠢᠳᠠ ᠰᠠᠶᠢᠬᠠᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ | ᠡᠷᠡᠭᠲᠡᠶ ᠶᠢᠨ ᠭᠤᠴᠣᠯᠠᠯ ᠳᠠᠭᠤᠤ ︽ᠴᠡᠷᠢᠭ ᠤᠨ ᠮᠥᠨ ᠴᠢᠨᠠᠷ︾᠂ ᠳᠥᠷᠪᠡᠨ ᠤᠲᠠᠰᠤᠲᠤ ᠬᠤᠭᠤᠷ ᠤᠨ ᠭᠤᠴᠣᠯᠠᠯ | ᠬᠥᠭᠵᠢᠮ ︽ᠪᠠᠶᠢᠯᠳᠤᠭᠠᠨ ᠤ ᠮᠣᠷᠢ︾ ᠵᠡᠷᠭᠡ ᠲᠣᠭᠯᠠᠯᠲᠠ ᠨᠢ ᠬᠠᠬᠢᠷ ᠬᠦᠢᠲᠡᠨ ᠡᠪᠦᠯ ᠤᠨ ᠡᠳᠤᠷ ᠲᠤ ᠬᠠᠯᠠᠭᠤᠨ | ᠰᠡᠳᠬᠢᠯᠭᠡ ᠪᠠ ᠠᠮᠢᠵᠢᠷᠠᠯ ᠤᠨ ᠬᠦᠴᠦᠨ ᠨᠡᠮᠡᠷᠢᠯᠡᠪᠡ᠃ ︽ᠥᠪᠥᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ | ᠳ᠋ᠢᠸᠢᠽᠢ︾᠂ ︽ᠪᠦᠬᠦ ᠤᠯᠤᠰ ᠤᠨ ᠪᠠᠶᠢᠯᠳᠤᠭᠠᠨ ᠤ ᠪᠠᠭᠠᠳᠤᠷ ᠰᠢ ᠳ᠋ᠧ︾ ᠵᠡᠷᠭᠡ ᠦᠯᠢᠭᠡᠷ ᠨᠢ ᠡᠷᠡᠯᠬᠡᠭ | ᠪᠠᠭᠠᠲᠤᠷᠯᠢᠭ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠢᠯᠡᠷᠡᠭᠦᠯᠵᠦ᠂ ᠬᠤᠪᠢᠰᠬᠠᠯ ᠤᠨ ᠦᠯᠢᠭᠡᠷ ᠢ ᠬᠥᠮᠦᠰ ᠤᠨ | ᠰᠡᠳᠬᠢᠯ ᠳᠤ ᠬᠠᠳᠠᠩᠰᠢᠭᠤᠯᠵᠤ᠂ ᠥᠷᠭᠡᠨ ᠤᠯᠠᠨ ᠲᠦᠮᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ | ᠬᠥᠭᠵᠢᠭᠡᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠪᠠ᠃ | | | | | | | ᠤᠢᠢᠷ᠎ᠠ ᠶᠢᠨ ᠵᠢᠯ ᠠᠴᠠ ᠨᠠᠰᠢ᠂ ᠤᠯᠠᠭᠠᠨᠬᠤᠲᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠪᠦᠬᠦ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠬᠢᠷᠠᠭᠤᠯᠤᠯᠳᠠ ᠳᠤ ᠣᠷᠣᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ︽ᠲᠠᠪᠤᠨ ᠨᠢᠭᠡ︾ ᠶᠢᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠣᠯᠤᠨ ᠪᠡᠶ᠎ᠡ ᠪᠠᠨ ᠪᠠᠷᠢᠵᠤ | ᠥᠪᠡᠷ ᠢ ᠪᠠᠨ ᠬᠦᠴᠦᠷᠬᠡᠭᠵᠢᠭᠦᠯᠬᠦ ᠤᠬᠠᠮᠰᠠᠷ ᠢ ᠬᠥᠭᠵᠢᠭᠡᠵᠦ᠂ ᠵᠠᠯᠠᠭᠤᠴᠤᠳ ᠪᠠᠭᠠᠴᠤᠳ ᠢ ᠲᠠᠶᠢᠴᠢᠯᠡᠨ | ᠵᠢᠯᠣᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠪᠣᠯᠤᠨ ᠦᠷᠳᠡᠭ ᠤᠨ | ᠦᠵᠡᠯᠲᠡ ᠶᠢ ᠪᠤᠢ ᠪᠣᠯᠭᠠᠵᠤ᠂ ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠵᠤ | ᠦᠭᠪᠡ᠃ |