ᠤᠯᠠᠭᠠᠨᠬᠤᠲᠠ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠢᠯᠡᠬᠦᠤ 5 ᠮᠢᠨᠦ᠋ᠲ ᠨᠡᠮᠡᠵᠤ ᠰᠤᠷᠤᠭᠴᠢᠳ ᠤᠨ ᠪᠡᠶ᠎ᠡ ᠰᠡᠳᠭᠢᠯ ᠤᠨ ᠡᠷᠡᠬᠦᠯ ᠢᠶᠠᠷ ᠬᠦᠭᠵᠢᠬᠦᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/10
 ᠬᠢᠴᠢᠶᠡᠯ ᠤᠨ ᠵᠠᠪᠰᠠᠷᠯᠠᠭ᠎ᠠ ᠪᠣᠯ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢᠶᠠᠨ ᠲᠣᠬᠢᠷᠠᠭᠤᠯᠬᠤ᠂ ᠶᠠᠳᠠᠷᠠᠭ᠎ᠠ ᠪᠠᠨ ᠨᠠᠮᠳᠠᠭᠤᠯᠬᠤ ᠪᠠ ᠬᠠᠷᠢᠯᠴᠠᠨ ᠰᠣᠯᠢᠯᠴᠠᠬᠤ ᠴᠢᠬᠤᠯᠠ ᠴᠠᠭ ᠪᠣᠯᠤᠨ᠎ᠠ᠃ ᠡᠨᠡ ᠵᠢᠯ ᠤᠨ 11 ᠰᠠᠷ᠎ᠠ ᠠᠴᠠ ᠡᠬᠢᠯᠡᠨ᠂ ᠤᠯᠠᠭᠠᠨᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ︽ᠬᠢᠴᠢᠶᠡᠯ ᠤᠨ ᠵᠠᠪᠰᠠᠷᠯᠠᠭ᠎ᠠ ᠶᠢᠨ 15 ᠮᠢᠨᠦ᠋ᠲ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠤᠭᠴᠢᠳ ᠢ ᠲᠠᠶᠢᠴᠢᠯᠡᠨ ᠵᠢᠯᠣᠭᠤᠳᠴᠤ ᠬᠢᠴᠢᠶᠡᠯ ᠤᠨ ᠬᠡᠷ ᠠᠴᠠ  ᠭᠠᠷᠴᠤ ᠬᠦᠳᠡᠯᠭᠡᠭᠡᠨ ᠬᠢᠵᠤ᠂ ᠡᠷᠡᠭᠦᠯ ᠪᠥᠭᠡᠳ ᠠᠮᠢᠵᠢᠷᠠᠯ ᠤᠨ ᠬᠦᠴᠦᠨ ᠲᠠᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠡᠳ᠋ᠯᠡᠭᠦᠯᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠪᠤᠢ᠃
11.jpg
 ᠠᠶᠢᠬᠦ᠋ᠸᠧ ᠨᠢᠭᠡᠳᠦᠭᠡᠷ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠲᠤ᠂ ᠰᠤᠷᠤᠭᠴᠢᠳ ᠶᠠᠭ ᠰᠤᠷᠭᠠᠭᠤᠯᠢ ᠶᠢᠨ ᠬᠦᠷᠢᠶᠡᠨ ᠳᠤ ᠴᠢᠨᠡᠭᠡ ᠪᠠᠷ ᠢᠶᠠᠨ ᠪᠠᠶᠠᠷ ᠬᠦᠷ ᠲᠠᠢ ᠨᠠᠭᠠᠳᠤᠨ ᠲᠤᠭᠯᠠᠵᠤ ᠪᠠᠶᠢᠯ᠎ᠠ᠃ ᠲᠡᠭᠡᠰᠤ ᠦᠰᠦᠷᠬᠦ᠂ ᠲᠡᠮᠦᠷ ᠴᠠᠭᠠᠷᠢᠭ ᠲᠦᠯᠬᠢᠬᠦ᠂ ᠲᠡᠪᠡᠭ ᠢᠰᠬᠦᠯᠬᠦ ᠵᠡᠷᠭᠡ ᠰᠣᠩᠭᠤᠳᠠᠭ ᠲᠣᠭᠯᠠᠭᠠᠮ ᠨᠢ ᠬᠡᠦᠬᠡᠳ ᠤᠨ ᠪᠡᠶ᠎ᠡ ᠮᠠᠬᠠᠪᠣᠳ ᠤᠨ ᠵᠣᠬᠢᠴᠠᠩᠭᠤᠢ ᠴᠢᠨᠠᠷ᠂ ᠬᠠᠷᠢᠭᠤ ᠲᠤᠰᠬᠠᠯ ᠤᠨ ᠴᠢᠳᠠᠪᠤᠷᠢ ᠪᠣᠯᠤᠨ ᠬᠤᠷᠴᠠᠯᠢᠭ  ᠤᠨ ᠬᠡᠮᠵᠢᠶ᠎ᠡ ᠶᠢ ᠪᠣᠯᠪᠠᠰᠤᠷᠠᠭᠤᠯᠬᠤ ᠪᠠᠷ ᠪᠠᠷᠠᠬᠤ ᠦᠭᠡᠢ᠂ ᠨᠡᠩ ᠴᠤ ᠲᠣᠭᠯᠠᠭᠠᠮ ᠤᠨ ᠶᠠᠪᠤᠴᠠ ᠳᠤ ᠳᠦᠷᠢᠮ ᠲᠣᠭᠲᠠᠭᠠᠯ ᠢ ᠵᠢᠷᠤᠮᠯᠠᠨ᠂ ᠬᠠᠷᠢᠯᠴᠠᠨ ᠬᠠᠮᠵᠢᠯᠴᠠᠭᠤᠯᠵᠤ᠂ ᠬᠠᠬᠢᠷ ᠬᠦᠢᠲᠡᠨ ᠡᠪᠦᠯ ᠤᠨ ᠰᠤᠷᠭᠠᠭᠤᠯᠢ ᠶᠢᠨ ᠬᠦᠷᠢᠶᠡᠨ ᠳᠤ ᠬᠠᠶᠢᠷ᠎ᠠ ᠬᠠᠯᠠᠮᠵᠢ ᠪᠣᠯᠤᠨ ᠠᠮᠢᠵᠢᠷᠠᠯ ᠤᠨ ᠬᠦᠴᠦᠨ ᠣᠯᠭᠤᠭᠰᠠᠨ ᠪᠠᠶᠢᠨ᠎ᠠ᠃
44.jpg
    ᠡᠳᠦᠷ ᠪᠦᠷᠢ ᠬᠢᠴᠢᠶᠡᠯ ᠤᠨ ᠵᠠᠪᠰᠠᠷᠯᠠᠭ᠎ᠠ ᠳᠤ ᠬᠠᠮᠲᠤ ᠰᠤᠷᠤᠭᠴᠢᠳ ᠲᠠᠢ ᠪᠠᠨ ᠳᠡᠭᠡᠰᠦ ᠦᠰᠦᠷᠬᠦ ᠪᠣᠯ ᠬᠢᠩᠭᠠᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠯᠢ ᠽᠧ ᠰᠢ ᠶᠢᠨ ᠬᠠᠮᠤᠭ ᠠᠴᠠ ᠬᠦᠰᠡᠨ ᠬᠦᠯᠢᠶᠡᠵᠤ ᠪᠠᠶᠢᠭ᠎ᠠ ᠶᠠᠪᠤᠳᠠᠯ ᠤᠨ ᠨᠢᠭᠡ ᠪᠣᠯᠤᠨ᠎ᠠ᠃ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠢ 15 ᠮᠢᠨᠦ᠋ᠲ ᠪᠤᠯᠭᠠᠨ ᠤᠷᠲᠤᠳᠬᠠᠭᠰᠠᠨ ᠤ ᠳᠠᠷᠠᠭ᠎ᠠ᠂ ᠴᠥᠭᠡᠨ ᠪᠤᠰᠤ ᠬᠡᠦᠬᠡᠳ ᠤᠨ ᠪᠤᠭᠴᠤᠨ ᠳᠣᠲᠣᠷᠠᠬᠢ ᠨᠠᠭᠠᠳᠤᠮ ᠤᠨ ᠬᠡᠷᠡᠭᠰᠡᠯ ᠨᠢ ᠨᠠᠩ ᠣᠯᠠᠨ ᠶᠠᠩᠵᠤ ᠶᠢᠨ ᠪᠣᠯᠵᠣ᠂ ᠬᠥᠯ ᠪᠥᠮᠪᠦᠭᠡ᠂ ᠲᠡᠪᠡᠭ ᠵᠡᠷᠭᠡ ᠪᠡᠶ᠎ᠡ ᠶᠢᠨ ᠲᠠᠮᠢᠷ ᠤᠨ ᠬᠡᠷᠡᠭᠰᠡᠯ ᠨᠢ ᠪᠢᠴᠢᠭ ᠤᠨ ᠪᠤᠭᠴᠤᠨ ᠳᠣᠲᠣᠷᠠᠬᠢ ︽ᠪᠠᠶᠢᠩᠭᠤ ᠶᠢᠨ ᠵᠣᠴᠢᠨ︾ ᠪᠣᠯᠤᠭᠰᠠᠨ ᠪᠠᠶᠢᠨ᠎ᠠ᠃
33.jpg
    ᠨᠠᠢᠮᠠᠳᠤᠭᠠᠷ ᠳᠤᠮᠳᠠᠳᠤ ᠰᠤᠷᠭᠠᠭᠤᠯᠢ ᠳᠤ᠂ ᠬᠢᠴᠢᠶᠡᠯ ᠪᠠᠭᠤᠬᠤ ᠬᠤᠩᠬᠤ ᠲᠤᠤᠭᠠᠷᠬᠤ ᠶᠢ ᠳᠠᠭᠠᠯᠳᠤᠨ᠂ ᠨᠠᠮ ᠰᠡᠯᠡᠭᠦᠨ ᠰᠤᠷᠭᠠᠭᠤᠯᠢ ᠶᠢᠨ ᠬᠦᠷᠢᠶ᠎ᠡ ᠭᠱᠠᠨ ᠵᠠᠭᠤᠷ᠎ᠠ ᠬᠦᠷ ᠬᠥᠭᠵᠢᠶᠡᠨ ᠢᠶᠠᠷ ᠪᠢᠯᠬᠠᠵᠤ᠂ ᠰᠤᠷᠤᠭᠴᠢᠳ ᠪᠠᠶᠠᠷ ᠬᠥᠷ ᠲᠠᠢ ᠪᠠᠷ ᠦᠪᠡᠷ ᠦᠪᠡᠷ ᠤᠨ ᠠᠩᠭᠢ ᠶᠢᠨ ᠢᠶᠠᠨ ᠬᠥᠳᠡᠯᠭᠡᠭᠡᠨ ᠤ ᠲᠣᠭᠤᠷᠢᠭ ᠲᠤ ᠬᠦᠷᠴᠦ᠂ ᠲᠡᠨᠢᠬᠦᠨ ᠲᠠᠮᠢᠷ᠂ ᠬᠤᠯᠤᠰᠤᠨ ᠰᠠᠪᠠᠭ᠎ᠠ ᠶᠢᠨ ᠲᠠᠮᠢᠷ᠂ ᠫᠢᠩᠫᠠᠩ ᠪᠥᠮᠪᠦᠭᠡ ᠵᠡᠷᠭᠡ ᠣᠯᠠᠨ ᠵᠦᠢᠯ ᠤᠨ ᠬᠦᠳᠡᠯᠭᠡᠭᠡᠨ ᠳᠤ ᠤᠷᠤᠯᠴᠠᠵᠤ᠂ ᠴᠥᠭᠡᠨ ᠪᠤᠰᠤ ᠪᠠᠭᠰᠢ ᠨᠠᠷ ᠴᠤ ᠰᠤᠷᠤᠭᠴᠢᠳ ᠲᠠᠢ ᠪᠠᠨ ᠬᠠᠮᠳᠤ ᠡᠳᠡᠭᠡᠷ ᠬᠦᠳᠡᠯᠭᠡᠭᠡᠨ ᠳᠤ ᠤᠷᠤᠯᠴᠠᠵᠠᠢ᠃
22.jpg
    ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠳᠠ ᠶᠢ ᠬᠠᠩᠭᠠᠮᠵᠢᠳᠠᠢ ᠪᠦᠭᠡᠳ ᠠᠮᠤᠷ ᠲᠦᠪᠰᠢᠨ ᠪᠣᠯᠭᠠᠬᠤ ᠶᠢᠨ ᠲᠥᠯᠥᠭᠡ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠰᠤᠷᠭᠠᠭᠤᠯᠢ  ᠨᠤᠭᠤᠳ ᠢ ᠠᠮᠤᠷ ᠲᠦᠪᠰᠢᠨ ᠤ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠵᠤ᠂ ᠠᠵᠢᠯᠯᠠᠭ᠎ᠠ ᠶᠢᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ᠂ ᠣᠯᠠᠨ ᠡᠰᠢᠵᠢᠭᠰᠡᠨ ᠠᠵᠢᠯᠯᠠᠭ᠎ᠠ ᠪᠠᠷ ᠳᠠᠮᠵᠢᠭᠤᠯᠤᠨ ︽ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠲᠠᠪᠤᠨ ᠮᠢᠨᠦ᠋ᠲ︾ ᠢ ᠠᠮᠤᠷ ᠲᠦᠪᠰᠢᠨ᠂ ᠪᠠᠶᠠᠷ ᠬᠥᠷ ᠲᠠᠢ ︽ᠨᠢᠭᠡ ᠮᠦᠴᠡ︾ ᠪᠣᠯᠭᠠᠪᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号