ᠨᠠᠮ ᠪᠠ ᠤᠯᠠᠨ ᠲᠦᠮᠡᠨ ᠤ ᠰᠡᠳᠬᠢᠯ ᠢ ᠬᠤᠯᠪᠤᠭᠰᠠᠨ ︽ᠪᠦᠷᠢᠨ ᠴᠢᠳᠠᠮᠵᠢᠳᠦ ᠺᠠᠷᠲ︾  ᠶᠢᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/11
      — ᠬᠢᠩᠭᠠᠨ ᠠᠶᠢᠮᠠᠭ ︽ᠪᠦᠷᠢᠨ ᠴᠢᠳᠠᠮᠵᠢᠳᠦ ᠺᠠᠷᠲ︾  ᠤᠨ ᠬᠠᠮᠢᠶᠠᠷᠤᠯᠳᠠ ᠶᠢ ᠴᠢᠩᠭᠠᠳᠬᠠᠵᠦ ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠤᠨ ᠦᠷ᠎ᠠ ᠪᠦᠳᠦᠮᠵᠢ ᠤᠯᠤᠭᠰᠠᠨ ᠲᠤᠬᠠᠢ ᠲᠡᠮᠳᠡᠭᠯᠡᠯ      ︽ᠳ᠋ᠢᠩ ᠯᠢᠩ︕ ᠳ᠋ᠢᠩ ᠯᠢᠩ︕︾ ᠭᠡᠬᠦ ᠭᠠᠷ ᠤᠳᠠᠰᠤᠨ ᠤ ᠬᠤᠩᠬᠤ ᠲᠤᠤᠭᠠᠷᠬᠤ ᠶᠢ ᠲᠠᠭᠠᠯᠳᠤᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠨᠡᠳᠦᠭᠡᠷ ᠪᠠᠯᠭᠠᠰᠦ ᠶᠢᠨ 73 ᠨᠠᠰᠤᠳᠠᠢ ᠬᠦ᠋ ᠢᠤᠢ ᠱᠠᠨ 10 ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ ᠪᠠᠨ ᠤᠯᠤᠭᠰᠠᠨ ᠤᠬᠤᠷ ᠮᠡᠳᠡᠭᠡ ᠶᠢ ᠲᠤᠰᠪᠠ᠃ ︽ᠤᠳᠤᠬᠠᠨ ᠳᠤ ᠡᠯ᠎ᠡ ᠵᠦᠢᠯ ᠤᠨ ᠨᠦᠬᠦᠪᠦᠷᠢ ᠮᠦᠡᠭᠬᠦ ᠶᠢ ᠴᠦᠮ ︿ᠪᠦᠷᠢᠨ ᠴᠢᠳᠠᠮᠵᠢᠳᠦ ᠺᠠᠷᠲ﹀ ᠢᠶᠠᠷ ᠲᠠᠷᠬᠠᠭᠠᠵᠦ ᠪᠠᠶᠢᠨ᠎ᠠ᠂ ᠤᠷᠤᠵᠦ ᠢᠷᠡᠭᠰᠡᠨ ᠵᠤᠭᠤᠰ ᠨᠢᠭᠡᠪᠦᠷᠢ ᠨᠢ ᠶᠠᠮᠠᠷ ᠨᠦᠬᠦᠪᠦᠷᠢ ᠮᠦᠩᠬᠦ ᠪᠤᠯᠬᠤ ᠶᠢ ᠲᠤᠪ ᠲᠤᠳᠤᠷᠬᠠᠢ ᠮᠡᠳᠡᠵᠦ ᠲᠡᠶᠢᠯᠬᠦ ᠪᠤᠯᠵᠠᠢ︾ ᠭᠡᠵᠦ ᠬᠦ᠋ ᠢᠤᠢ ᠱᠠᠨ ᠬᠡᠯᠡᠨ᠎ᠠ᠃     ᠨᠢᠭᠡᠨ ᠺᠠᠷᠲ ᠠᠴᠠ ᠶᠠᠮᠠᠷ ᠬᠠᠷᠠᠭᠠᠯᠵᠠᠯ ᠬᠦᠷᠳᠡᠭᠰᠡᠨ᠂ ᠬᠠᠮᠢᠭ᠎ᠠ ᠠᠴᠠ ᠲᠠᠷᠬᠠᠭᠠᠭᠰᠠᠨ᠂ ᠬᠠᠷᠠᠭᠠᠯᠵᠠᠯ ᠤᠨ ᠮᠦᠩᠬᠦ ᠬᠡᠳᠦᠢ ᠪᠤᠯᠬᠤ ᠶᠢ ᠲᠤᠪ ᠲᠤᠳᠤᠷᠬᠠᠢ ᠤᠶᠢᠯᠠᠭᠠᠵᠦ ᠪᠤᠯᠤᠨ᠎ᠠ︔ ᠤᠴᠢᠷ ᠶᠠᠪᠤᠳᠠᠯ ᠬᠦᠢᠴᠡᠳᠭᠡᠬᠦ ᠳᠤ ᠤᠯᠠᠮ ᠢᠶᠠᠷ ᠲᠦᠬᠦᠮ ᠲᠦᠳᠡ ᠪᠤᠯᠵᠦ᠂ ᠠᠷᠠᠳ ᠤᠨ ᠠᠮᠢᠳᠤᠷᠠᠯ ᠤᠯᠠᠮ ᠠᠴᠠ ᠤᠯᠠᠮ ᠵᠤᠯ ᠵᠢᠷᠭᠠᠯ ᠲᠠᠢ ᠪᠤᠯᠪᠠ᠃ ᠡᠨᠡ ᠪᠤᠯ ᠬᠢᠩᠭᠠᠨ ᠠᠶᠢᠮᠠᠭ ᠤᠨ ᠠᠷᠠᠳ ᠲᠦᠮᠡᠨ ᠤ ᠦᠨᠡᠨ ᠪᠤᠳᠠᠳᠠᠢ ᠲᠦᠷᠦᠭᠳᠡᠯ ᠪᠤᠯᠤᠨ᠎ᠠ᠂ ᠮᠦᠨ ᠴᠤ ᠨᠠᠮ ᠪᠠ ᠤᠯᠤᠰ ᠤᠨ ᠠᠷᠠᠳ ᠤᠯᠠᠨ ᠳᠤ ᠦᠵᠡᠬᠦᠯᠬᠦ ᠬᠠᠶᠢᠷ᠎ᠠ ᠬᠠᠯᠠᠮᠵᠢ ᠶᠢ ᠠᠴᠢᠶᠠᠯᠠᠵᠦ ᠪᠤᠢ᠃     ᠨᠠᠮ ᠵᠠᠰᠠᠭ ᠤᠨ ᠬᠠᠶᠢᠷ᠎ᠠ ᠬᠠᠯᠠᠮᠵᠢ ᠶᠢᠨ ᠠᠴᠢᠶᠠᠯᠠᠪᠤᠷᠢ     ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠶᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠢᠳᠡᠪᠬᠢᠳᠡᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠪᠦᠷᠢᠨ ᠴᠢᠳᠠᠮᠵᠢᠳᠦ ᠺᠠᠷᠲ︾ ᠢᠶᠠᠷ ᠠᠴᠢᠶᠠᠯᠠᠪᠤᠷᠢ ᠪᠤᠯᠭᠠᠨ᠂ ᠠᠷᠠᠳ ᠲᠤ ᠠᠰᠢᠭ ᠬᠦᠷᠳᠡᠭᠡᠬᠦ ᠡᠳ᠋ ᠤᠨ ᠵᠠᠰᠠᠭ ᠤᠨ ᠨᠦᠬᠦᠪᠦᠷᠢ ᠮᠦᠩᠬᠦ ᠲᠠᠷᠬᠠᠭᠠᠬᠤ ᠠᠷᠭ᠎ᠠ ᠵᠠᠮ ᠢ ᠤᠯᠠᠮ ᠨᠢᠭᠡ ᠠᠯᠬᠤᠮ ᠲᠡᠬᠦᠯᠳᠡᠷᠵᠢᠬᠦᠯᠦᠨ᠂ ᠨᠦᠬᠦᠪᠦᠷᠢ ᠮᠦᠩᠬᠦ ᠲᠠᠷᠬᠠᠭᠠᠬᠤ ᠦᠷ᠎ᠠ ᠪᠦᠳᠦᠮᠵᠢ ᠶᠢ ᠲᠡᠭᠡᠭᠰᠢᠯᠡᠬᠦᠯᠪᠡ᠃     ᠤᠶᠢᠷ᠎ᠠ ᠳᠤ᠂ ᠲᠦᠴᠢᠤᠸᠠᠨ ᠰᠢᠶᠠᠨ ᠤ ᠲᠦᠴᠢᠤᠸᠠᠨ ᠪᠠᠯᠭᠠᠰᠦ ᠶᠢᠨ ᠲᠢᠶᠠᠨ ᠶᠤᠸᠠᠨ ᠲᠦᠷᠪᠡᠳᠦᠭᠡᠷ ᠬᠤᠭᠤᠴᠠᠭᠠᠨ ᠤ ᠰᠠᠭᠤᠭᠠᠯᠢ ᠠᠷᠠᠳ ᠤᠨ ᠪᠠᠭ᠎ᠠ ᠲᠤᠭᠤᠷᠢᠭ ᠲᠤ ᠰᠠᠭᠤᠭ᠎ᠠ ᠴᠧᠨ ᠯᠢᠶᠠᠨ ᠷᠧᠨ ᠡᠷ᠎ᠡ ᠡᠮ᠎ᠡ ᠬᠤᠶᠠᠭᠤᠯᠠ ᠪᠠᠨ ᠲᠠᠪᠤᠨ ᠪᠠᠳᠤᠯᠠᠭᠠᠳᠦ ᠡᠷᠦᠭᠡ ᠶᠢᠨ ᠨᠦᠬᠦᠪᠦᠷᠢ ᠤᠯᠤᠭᠰᠠᠨ ᠳᠠᠭᠠᠨ ᠶᠡᠭᠡᠳᠡ ᠪᠠᠶᠠᠷᠯᠠᠵᠦ ᠪᠠᠶᠢᠯ᠎ᠠ᠃
222.jpg
     ︽ᠪᠢᠳᠡ ᠬᠤᠶᠠᠭᠤᠯᠠ ᠪᠠᠨ ᠴᠥᠮ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠣᠯᠬᠤᠷ ᠰᠠᠷ᠎ᠠ ᠪᠦᠷᠢ 3279.42 ᠲᠥᠭᠦᠷᠢᠭ ᠤᠨ ᠣᠨᠴᠠ ᠬᠦᠴᠢᠷᠳᠡᠯ ᠲᠠᠢ ᠬᠥᠮᠦᠰ ᠤᠨ ᠠᠰᠠᠷᠠᠨ ᠲᠡᠵᠢᠭᠡᠬᠦ ᠨᠦᠬᠦᠪᠦᠷᠢ ᠮᠦᠩᠬᠦ ᠤᠯᠵᠦ ᠪᠠᠶᠢᠨ᠎ᠠ᠂ ᠵᠢᠯ ᠪᠦᠷᠢ ᠲᠠᠪᠤᠨ ᠪᠠᠳᠤᠯᠠᠭᠠᠳᠦ ᠡᠷᠦᠭᠡ ᠶᠢᠨ ᠨᠦᠬᠦᠪᠦᠷᠢ᠂ ᠰᠤᠪᠢᠯᠠᠯᠳᠠ ᠶᠢᠨ ᠨᠦᠬᠦᠪᠦᠷᠢ ᠵᠡᠷᠭᠡ ᠶᠢ ᠨᠡᠶᠢᠳᠡ 4 ᠲᠦᠮᠡᠨ ᠲᠦᠭᠦᠷᠢᠭ ᠬᠦᠷᠳᠡᠵᠤ᠂ ᠨᠠᠮ ᠪᠠ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠶᠢᠨ ᠰᠠᠶᠢᠨ ᠢᠶᠠᠷ ᠪᠢᠳᠡ ᠬᠤᠶᠠᠭᠤᠯᠠ ᠰᠠᠶ᠋ᠢ ᠰᠠᠶᠢᠨ ᠰᠠᠶᠢᠬᠠᠨ ᠠᠮᠢᠳᠤᠷᠠᠯ ᠢ ᠡᠳ᠋ᠯᠡᠵᠦ ᠴᠢᠳᠠᠭᠰᠠᠨ ᠪᠠᠶᠢᠨ᠎ᠠ︾ ᠭᠡᠵᠦ ᠴᠧᠨ ᠯᠢᠶᠠᠨ ᠷᠧᠨ ᠰᠡᠳᠬᠢᠯ ᠲᠤᠭᠳᠤᠯᠤᠨ ᠬᠡᠯᠡᠵᠦ ᠪᠠᠶᠢᠯ᠎ᠠ᠃     ᠤᠯᠠᠨ ᠲᠦᠮᠡᠨ ᠤ ᠬᠦᠰᠡᠯ ᠡᠷᠡᠮᠡᠯᠵᠡᠯ ᠤᠨ ᠲᠡᠷᠭᠡᠯᠰᠢᠯ     ᠡᠮᠦᠨ᠎ᠡ ᠬᠡᠳᠦᠨ ᠵᠢᠯ ᠳᠤ᠂ ᠨᠠᠰᠤᠳᠠᠶᠢᠴᠤᠳ ᠨᠦᠬᠦᠪᠦᠷᠢ ᠮᠦᠩᠬᠦ ᠪᠠᠨ ᠠᠪᠴᠦ ᠬᠡᠷᠡᠭᠯᠡᠬᠦ ᠳᠤ ᠪᠠᠩᠬᠢ ᠶᠢᠨ ᠺᠠᠷᠲ᠂ ᠨᠡᠶᠢᠭᠡᠮ ᠤᠨ ᠲᠠᠭᠠᠳᠬᠠᠯ ᠤᠨ ᠺᠠᠷᠲ᠂ ᠡᠮ ᠡᠮᠨᠡᠯᠭᠡ ᠶᠢᠨ ᠲᠠᠭᠠᠳᠬᠠᠯ ᠤᠨ ᠺᠠᠷᠲ ᠵᠡᠷᠭᠡ ᠵᠢᠷᠭᠤᠭ᠎ᠠ ᠲᠤᠯᠤᠭᠠᠨ ᠺᠠᠷᠲ ᠢᠶᠠᠨ ᠬᠠᠮᠳᠦ ᠠᠪᠴᠦ ᠶᠠᠪᠤᠨ᠂ ᠪᠠᠩᠬᠢ ᠳᠤ ᠤᠴᠢᠵᠦ ᠨᠢᠭᠡᠳ ᠨᠢᠭᠡ ᠪᠠᠷ ᠵᠤᠭᠤᠰ ᠮᠦᠩᠬᠦ ᠲᠠᠢ ᠡᠰᠡᠬᠦ ᠶᠢ ᠦᠵᠡᠬᠦ ᠶᠢᠨ ᠬᠠᠮᠳᠦ ᠬᠠᠶᠠ ᠵᠠᠷᠢᠮ ᠳᠠᠭᠠᠨ ᠨᠢᠭᠤᠴᠠ ᠨᠤᠮᠧᠷ ᠢᠶᠠᠨ ᠮᠠᠷᠳᠠᠴᠢᠬᠠᠳᠠᠭ ᠪᠠᠶᠢᠯ᠎ᠠ᠃ ᠤᠳᠤ᠂ ᠪᠤᠢ ᠪᠦᠬᠦᠢ ᠨᠦᠬᠦᠪᠦᠷᠢ ᠮᠦᠩᠬᠦ ᠶᠢ ᠪᠦᠷ ︽ᠪᠦᠷᠢᠨ ᠴᠢᠳᠠᠮᠵᠢᠳᠦ ᠺᠠᠷᠲ︾ ᠢᠶᠠᠷ ᠲᠠᠷᠬᠠᠭᠠᠭᠰᠠᠨ ᠤ ᠲᠠᠷᠠᠭ᠎ᠠ ᠤᠯᠠᠨ ᠲᠦᠮᠡᠨ ᠳᠤ ᠲᠦᠢᠯ ᠤᠨ ᠲᠦᠬᠦᠮ ᠦᠵᠡᠬᠦᠯᠦᠭᠰᠡᠨ ᠪᠠᠶᠢᠨ᠎ᠠ᠃     ︽ᠥᠩᠭᠡᠷᠡᠭᠰᠡᠨ ᠳᠤ ᠤᠯᠠᠨ ᠠᠷᠪᠢᠨ ᠺᠠᠷᠲ ᠤᠨ ᠴᠢᠳᠠᠮᠵᠢ ᠶᠢ ᠪᠢᠳᠡ ᠤᠶᠢᠯᠠᠭᠠᠬᠤ ᠦᠭᠡᠢ ᠪᠠᠶᠢᠪᠠ᠂ ︿ᠪᠦᠷᠢᠨ ᠴᠢᠳᠠᠮᠵᠢᠳᠦ ᠺᠠᠷᠲ﹀ ᠢ ᠬᠡᠷᠡᠭᠵᠢᠬᠦᠯᠦᠭᠰᠡᠨ ᠠᠴᠠ ᠨᠠᠭᠠᠰᠢ᠂ ᠠᠯᠢᠪᠠ ᠨᠦᠬᠦᠪᠦᠷᠢ ᠮᠦᠩᠬᠦ ᠶᠢ ᠪᠦᠷ ᠲᠤᠰ ᠺᠠᠷᠲ ᠲᠤ ᠤᠷᠤᠭᠤᠯᠬᠤ ᠪᠤᠯᠵᠠᠢ᠂ ᠭᠠᠷ ᠤᠳᠠᠰᠤᠨ ᠤ ᠤᠬᠤᠷ ᠮᠡᠳᠡᠭᠡ ᠶᠢ ᠦᠵᠡᠭᠰᠡᠭᠡᠷ ᠪᠦᠷ ᠲᠦᠪ ᠲᠤᠳᠤᠷᠬᠠᠢ ᠤᠶᠢᠯᠠᠭᠠᠳᠠᠭ ᠪᠤᠯᠤᠯ᠎ᠠ︾ ᠭᠡᠵᠦ ᠤᠯᠠᠭᠠᠨᠬᠤᠳᠠ ᠶᠢᠨ ᠢᠯᠠᠯᠳᠠ ᠪᠠᠯᠭᠠᠰᠦ ᠶᠢᠨ ᠰᠢᠩ ᠹᠦ᠋ ᠭᠠᠴᠠᠭ᠎ᠠ ᠶᠢᠨ ᠴᠢᠤᠢ ᠰᠢᠶᠠᠩ ᠴᠦᠨ ᠬᠡᠯᠡᠨ᠎ᠡ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠷᠠᠰᠤᠨ ᠪᠠᠯᠭᠠᠰᠤ ᠶᠢᠨ ᠴᠠᠷᠠᠰᠤᠨ ᠭᠠᠴᠠᠭ᠎ᠠ ᠶᠢᠨ ᠨᠠᠮ ᠤᠨ ᠡᠬᠦᠷ ᠤᠨ ᠱᠦᠵᠢ ᠫᠠᠩ ᠵᠠᠨ ᠱᠠᠨ ᠭᠠᠴᠠᠭ᠎ᠠ ᠶᠢᠨ ᠲᠠᠷᠢᠶᠠᠴᠢᠨ ᠬᠠᠨ ᠯᠢᠦ ᠵᠤ᠋ ᠶᠢᠨ ᠳᠤ ᠬᠦᠷᠴᠦ᠂ ᠲᠡᠭᠦᠨ ᠳᠤ ᠡᠨᠡ ᠵᠢᠯ ᠤᠨ ᠠᠷᠠᠳ ᠲᠤ ᠠᠰᠢᠭ ᠬᠦᠷᠲᠡᠭᠡᠬᠦ ︽ᠪᠦᠷᠢᠨ ᠴᠢᠳᠠᠮᠵᠢᠳᠦ ᠺᠠᠷᠲ︾  ᠤᠨ ᠲᠦᠷᠦ ᠶᠢᠨ ᠪᠤᠳᠤᠯᠭ᠎ᠠ ᠶᠢᠨ ︽ᠵᠤᠯ ᠵᠢᠷᠭᠠᠯᠳᠦ ᠲᠠᠩᠰᠠ︾ ᠶᠢ ᠪᠤᠳᠤᠵᠦ ᠦᠭᠴᠦ ᠪᠠᠶᠢᠯ᠎ᠠ᠃ ᠬᠠᠨ ᠯᠢᠦ ᠵᠤ᠋ ᠮᠠᠯᠵᠢᠬᠤ ᠲᠠᠷᠢᠶᠠᠯᠠᠬᠤ ᠤᠷᠤᠨ ᠤ ᠬᠠᠮᠤᠭ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠮᠦᠩᠬᠦ ᠶᠢ ᠵᠢᠯ ᠪᠦᠷᠢ 11232 ᠲᠦᠭᠦᠷᠢᠭ ᠬᠦᠷᠳᠡᠵᠦ᠂ ᠡᠬᠦᠨ ᠤ ᠲᠡᠭᠡᠷ᠎ᠠ ᠨᠢ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠨᠦᠬᠦᠪᠦᠷᠢ᠂ ᠪᠤᠳᠠᠳᠠᠢ ᠠᠮᠦ ᠪᠤᠳᠠᠭ᠎ᠠ ᠲᠠᠷᠢᠵᠦ ᠪᠠᠶᠢᠭ᠎ᠠ ᠲᠠᠷᠢᠶᠠᠴᠢᠳ ᠤᠨ ᠨᠢᠭᠡ ᠯᠡ ᠤᠳᠠᠭ᠎ᠠ ᠶᠢᠨ ᠴᠢᠨᠠᠷᠳᠠᠢ ᠨᠦᠬᠦᠪᠦᠷᠢ ᠵᠡᠷᠭᠡ ᠶᠢ ᠨᠡᠮᠡᠪᠡᠯ ᠭᠡᠷ ᠪᠦᠯᠢ ᠶᠢᠨ ᠤᠷᠤᠯᠭ᠎ᠠ ᠨᠢ ᠵᠤᠬᠢᠬᠤ ᠬᠡᠮᠵᠢᠶᠡᠨ ᠳᠤ ᠬᠦᠷᠴᠦ᠂ ᠠᠮᠢᠳᠤᠷᠠᠯ ᠨᠢ ᠴᠤ ᠤᠯᠠᠮ ᠢᠶᠠᠷ ᠵᠤᠯ ᠵᠢᠷᠭᠠᠯᠳᠠᠢ ᠪᠤᠯᠵᠦ ᠢᠷᠡᠭᠰᠡᠨ ᠪᠠᠶᠢᠨ᠎ᠠ᠃ ︽ᠨᠡᠶᠢᠳᠡ 6 ᠵᠦᠢᠯ ᠤᠨ ᠨᠥᠬᠦᠪᠥᠷᠢ ᠬᠦᠷᠳᠡᠵᠦ ᠪᠠᠶᠢᠨ᠎ᠠ᠂ ︿ᠪᠦᠷᠢᠨ ᠴᠢᠳᠠᠮᠵᠢᠳᠦ ᠺᠠᠷᠲ﹀ ᠲᠤ 1.9 ᠲᠦᠮᠡᠨ ᠲᠥᠭᠦᠷᠢᠭ ᠤᠷᠤᠵᠦ ᠢᠷᠡᠬᠦ ᠪᠤᠯᠤᠨ᠎ᠠ᠂ ᠡᠳᠡᠭᠡᠷ ᠨᠢ ᠪᠦᠷ ᠯᠡ ᠨᠠᠮ ᠪᠣᠯᠤᠨ ᠵᠠᠰᠠᠭ ᠤᠨ ᠤᠷᠳᠤᠨ ᠤ ᠰᠠᠶᠢᠨ ᠰᠢᠦ᠂ ᠮᠠᠨ ᠤ ᠠᠷᠠᠳ ᠤᠯᠠᠨ ᠤ ᠠᠮᠢᠳᠤᠷᠠᠯ ᠵᠢᠯ ᠠᠴᠠ ᠵᠢᠯ ᠰᠠᠶᠢᠵᠢᠷᠠᠵᠦ᠂ ᠤᠯᠠᠮ ᠠᠴᠠ ᠤᠯᠠᠮ ᠵᠤᠯ ᠵᠢᠷᠭᠠᠯᠳᠠᠢ ᠪᠤᠯᠵᠦ ᠢᠷᠡᠯ᠎ᠡ︾ ᠭᠡᠵᠦ ᠬᠠᠨ ᠯᠢᠦ ᠵᠤ᠋ ᠬᠡᠯᠡᠨ᠎ᠡ᠃     ︽ᠪᠢᠳᠡ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠠᠷᠠᠳ ᠲᠤ ᠠᠰᠢᠭ ᠬᠦᠷᠳᠡᠭᠡᠬᠦ ︿ᠪᠦᠷᠢᠨ ᠴᠢᠳᠠᠮᠵᠢᠳᠦ ᠺᠠᠷᠲ﹀  ᠤᠨ ᠬᠠᠮᠢᠶᠠᠷᠤᠯᠳᠠ ᠶᠢᠨ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠦ᠂ ᠡᠨᠡᠬᠦ ᠵᠢᠵᠢᠭᠭᠡᠨ ᠺᠠᠷᠲ ᠢ ᠨᠠᠮ ᠪᠠ ᠤᠯᠠᠨ ᠲᠦᠮᠡᠨ ᠤ ᠰᠡᠳᠬᠢᠯ ᠢ ᠬᠤᠯᠪᠤᠬᠤ ᠺᠠᠷᠲ ᠪᠤᠯᠭᠠᠵᠠᠢ︾ ᠭᠡᠵᠦ ᠬᠢᠩᠭᠠᠨ ᠠᠶᠢᠮᠠᠭ ᠤᠨ ᠵᠠᠬᠢᠷᠭ᠎ᠠ ᠶᠢᠨ ᠬᠤᠶᠠᠳᠤᠭᠠᠷ ᠲᠡᠰ ᠤᠨ ᠲᠤᠭᠤᠷᠢᠨ ᠪᠠᠶᠢᠴᠠᠭᠠᠭᠴᠢ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠯᠢ ᠶᠠᠨ ᠬᠡᠯᠡᠨ᠎ᠡ᠃     ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ︽ᠪᠦᠷᠢᠨ ᠴᠢᠳᠠᠮᠵᠢᠳᠦ ᠺᠠᠷᠲ︾ ᠤᠨ ᠲᠠᠪᠴᠠᠩ ᠢᠶᠠᠷ ᠲᠠᠮᠵᠢᠭᠤᠯᠤᠨ ᠡᠯ᠎ᠡ ᠲᠦᠷᠦᠯ ᠤᠨ ᠨᠦᠬᠦᠪᠦᠷᠢ ᠮᠦᠩᠬᠦ ᠶᠢ ᠨᠡᠶᠢᠳᠡ 38.92 ᠳ᠋ᠦᠩᠰᠢᠭᠤᠷ ᠲᠦᠭᠦᠷᠢᠭ ᠲᠠᠷᠬᠠᠭᠠᠵᠦ ᠂ 418.01 ᠲᠦᠮᠡᠨ ᠬᠥᠮᠦᠨ ︵ᠤᠳᠠᠭ᠎ᠠ︶ ᠳᠤ ᠠᠰᠢᠭ ᠬᠦᠷᠳᠡᠭᠡᠪᠡ᠃     ᠰᠠᠯᠠᠭ᠎ᠠ ᠮᠦᠴᠢᠷ ᠤᠨ ᠠᠵᠢᠯ ᠤᠨ ᠰᠢᠨ᠎ᠡ ᠡᠬᠦᠳᠦᠯᠳᠡ   ︽ᠪᠦᠷᠢᠨ ᠴᠢᠳᠠᠮᠵᠢᠳᠦ ᠺᠠᠷᠲ︾ ᠨᠢ ᠬᠡᠳᠤᠶᠢᠪᠡᠷ ᠵᠢᠵᠢᠭᠭᠡᠨ ᠺᠠᠷᠲ ᠪᠤᠯᠪᠠᠴᠦ ᠨᠠᠮ ᠪᠠ ᠵᠠᠰᠠᠭ ᠤᠨ ᠤᠷᠳᠤᠨ ᠤ ᠠᠷᠠᠳ ᠤᠨ ᠠᠮᠢᠳᠤᠷᠠᠯ ᠤᠨ ᠲᠤᠬᠠᠢ ᠬᠠᠶᠢᠷ᠎ᠠ ᠬᠠᠯᠠᠮᠵᠢ ᠶᠢ ᠬᠦᠨ ᠠᠴᠢᠶᠠᠯᠠᠵᠦ ᠪᠠᠶᠢᠳᠠᠭ᠃ ᠬᠢᠩᠭᠠᠨ ᠠᠶᠢᠮᠠᠭ ᠤᠨ ᠬᠢᠨ ᠲᠦᠷᠢᠮ ᠲᠤᠭᠳᠠᠴᠠ ᠶᠢᠨ ᠰᠢᠨ᠎ᠡ ᠶᠢ ᠡᠬᠦᠳᠴᠦ᠂ ᠠᠷᠠᠳ ᠲᠤ ᠠᠰᠢᠭ ᠬᠦᠷᠳᠡᠭᠡᠬᠦ ᠨᠦᠬᠦᠪᠦᠷᠢ ᠮᠦᠩᠬᠦ ᠶᠢ ᠲᠦᠷᠢᠮᠵᠢᠬᠦᠨ ᠬᠠᠮᠢᠶᠠᠷᠬᠤ᠂ ᠴᠠᠭ ᠲᠤᠬᠠᠢ ᠳᠤᠨᠢ ᠤᠯᠭᠤᠬᠤ᠂ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠪᠠ᠃     ︽︿ᠪᠦᠷᠢᠨ ᠴᠢᠳᠠᠮᠵᠢᠳᠦ ᠺᠠᠷᠲ﹀ ᠢᠶᠠᠷ ᠨᠦᠬᠦᠪᠦᠷᠢ ᠮᠦᠩᠬᠦ ᠲᠠᠷᠬᠠᠭᠠᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠬᠦᠯᠬᠦ ᠲᠤᠬᠠᠢ ᠮᠡᠳᠡᠭᠳᠡᠯ︾ ᠢ ᠲᠠᠷᠤᠮᠠᠯᠯᠠᠨ ᠲᠠᠷᠬᠠᠭᠠᠵᠦ᠂ ᠲᠦᠷᠢᠮ ᠢᠶᠠᠷ ᠦᠷ᠎ᠠ ᠪᠦᠳᠦᠮᠵᠢ ᠶᠢ ᠲᠡᠭᠡᠭᠰᠢᠯᠡᠬᠦᠯᠪᠡ᠃ ᠡᠯ᠎ᠡ ᠲᠦᠷᠦᠯ ᠤᠨ ᠨᠦᠬᠦᠪᠦᠷᠢ ᠮᠦᠩᠬᠦ ᠲᠠᠷᠬᠠᠭᠠᠬᠤ ᠱᠠᠭᠠᠷᠳᠠᠯᠭ᠎ᠠ ᠶᠤᠰᠤᠭᠠᠷ᠂ ᠬᠢᠩᠭᠠᠨ ᠠᠶᠢᠮᠠᠭ ᠨᠦᠬᠦᠪᠦᠷᠢ ᠮᠦᠩᠬᠦ ᠲᠦᠷᠦᠯ ᠵᠦᠢᠯ ᠲᠦᠷᠦ ᠶᠢᠨ ᠪᠤᠳᠤᠯᠭ᠎ᠠ ᠶᠢᠨ ᠨᠠᠷᠢᠨ ᠲᠠᠩᠰᠠ ᠶᠢ ᠢᠯᠡ ᠨᠡᠶᠢᠳᠡᠯᠡᠬᠦ ᠶᠢᠨ ᠬᠠᠮᠳᠦ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠬᠦᠳᠡᠯᠦᠩᠬᠦᠢ ᠬᠠᠮᠢᠶᠠᠷᠤᠯᠳᠠ ᠬᠢᠵᠦ᠂ ᠮᠡᠳᠡᠭᠡ ᠵᠠᠩᠬᠢ ᠶᠢ ᠴᠠᠭ ᠲᠤᠬᠠᠢ ᠳᠤᠨᠢ ᠰᠢᠨᠡᠳᠭᠡᠭᠰᠡᠨ ᠪᠠᠶᠢᠨ᠎ᠠ᠃ ᠰᠠᠯᠠᠭ᠎ᠠ ᠮᠦᠴᠢᠷ ᠤᠨ ᠬᠤᠯᠪᠤᠭᠠᠯᠠᠨ ᠬᠦᠳᠡᠯᠦᠯᠴᠡᠬᠦ ᠶᠢ ᠬᠦᠨᠵᠡᠭᠡᠶᠢᠷᠡᠬᠦᠯᠬᠦ ᠪᠠᠷ ᠲᠠᠮᠵᠢᠭᠤᠯᠤᠨ᠂ ᠨᠦᠬᠦᠪᠦᠷᠢ ᠮᠦᠩᠬᠦ ᠲᠠᠷᠬᠠᠭᠠᠬᠤ ᠠᠵᠢᠯ ᠤᠨ ᠪᠠᠷᠢᠮᠵᠢᠶ᠎ᠠ ᠶᠢ ᠴᠢᠩᠭᠠᠷᠠᠭᠤᠯᠵᠦ᠂ ᠠᠶᠢᠮᠠᠭ᠂ ᠬᠤᠰᠢᠭᠤ ᠰᠢᠶᠠᠨ ᠬᠤᠳᠠ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠲᠦᠷᠪᠡᠨ ᠱᠠᠳᠤᠨ ᠤ ᠬᠤᠯᠪᠤᠭᠠᠯᠠᠨ ᠬᠦᠳᠡᠯᠦᠯᠴᠡᠬᠦ ᠲᠤᠭᠳᠠᠴᠠ ᠶᠢ ᠪᠠᠶᠢᠭᠤᠯᠤᠨ᠂ ᠲᠤᠭ᠎ᠠ ᠪᠠᠷᠢᠮᠳᠠ ᠶᠢ ᠬᠠᠮᠳᠦᠪᠡᠷ ᠡᠳ᠋ᠯᠡᠬᠦ ᠪᠠ ᠬᠢᠨᠠᠯᠳᠠ ᠲᠠᠯᠪᠢᠵᠦ ᠵᠤᠬᠢᠴᠠᠭᠤᠯᠬᠤ ᠶᠢ ᠪᠡᠶᠡᠯᠡᠬᠦᠯᠵᠦ᠂ ᠨᠦᠬᠦᠪᠦᠷᠢ ᠮᠦᠩᠬᠦ ᠬᠡᠷᠡᠭᠯᠡᠬᠦ ᠦᠷ᠎ᠠ ᠠᠰᠢᠭ ᠢ ᠪᠦᠳᠦᠮᠵᠢᠳᠡᠢ ᠪᠠᠳᠠᠷᠠᠭᠤᠯᠪᠠ᠃     ᠲᠠᠷᠢᠶᠠᠯᠠᠩ ᠳᠤ ᠬᠤᠯᠪᠣᠭᠳᠠᠬᠤ ᠨᠥᠬᠦᠪᠥᠷᠢ ᠮᠦᠩᠬᠦ ᠶᠢ ᠲᠠᠷᠬᠠᠭᠠᠬᠤ ᠰᠡᠳᠬᠢᠯ ᠢ ᠲᠤᠯᠠᠭᠠᠴᠠᠭᠤᠯᠬᠤ ᠠᠵᠢᠯᠯᠠᠭ᠎ᠠ ᠶᠢ ᠬᠡᠷᠡᠭᠵᠢᠬᠦᠯᠵᠦ᠂ ᠮᠠᠯᠴᠢᠨ ᠲᠠᠷᠢᠶᠠᠴᠢᠳ ᠲᠤ ᠡᠯ᠎ᠡ ᠲᠦᠷᠦᠯ ᠤᠨ ᠨᠦᠬᠦᠪᠦᠷᠢ ᠮᠦᠩᠬᠦ ᠲᠠᠷᠬᠠᠭᠠᠬᠤ ᠶᠢᠨ ᠬᠠᠮᠳᠦ ᠭᠠᠷ ᠤᠳᠠᠰᠤᠨ ᠳᠤᠨᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠢᠭᠳᠠ ᠲᠠᠶᠢᠯᠪᠤᠷᠢᠯᠠᠭᠰᠠᠨ ᠤᠬᠤᠷ ᠮᠡᠳᠡᠭᠡ ᠶᠠᠪᠤᠭᠤᠯᠵᠦ᠂ ᠨᠦᠬᠦᠪᠦᠷᠢ ᠮᠦᠩᠬᠦ ᠨᠢᠭᠡᠪᠦᠷᠢ ᠶᠢᠨ ᠤᠴᠢᠷ ᠰᠢᠯᠳᠠᠭᠠᠨ ᠢ ᠲᠤᠳᠤᠷᠬᠠᠢ ᠶᠠᠷᠢᠵᠦ᠂ ᠲᠠᠷᠬᠠᠭᠠᠭᠰᠠᠨ ᠵᠣᠭᠤᠰ ᠤᠨ ᠲᠤᠭ᠎ᠠ ᠬᠢᠭᠡᠳ ᠨᠦᠬᠦᠪᠦᠷᠢ ᠮᠦᠩᠬᠦ ᠶᠢᠨ ᠨᠡᠷᠡᠶᠢᠳᠦᠯ᠂ ᠬᠥᠷᠳᠡᠬᠦ ᠬᠥᠮᠦᠰ᠂ ᠣᠯᠭᠤᠬᠤ ᠪᠠᠷᠢᠮᠵᠢᠶ᠎ᠠ᠂ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢᠨ ᠲᠤᠪᠴᠢ ᠲᠠᠶᠢᠯᠤᠮᠵᠢ ᠂ ᠲᠠᠷᠬᠠᠭᠠᠬᠤ ᠵᠤᠷᠢᠯᠭ᠎ᠠ᠂ ᠬᠠᠮᠢᠶᠠᠷᠬᠤ ᠰᠠᠯᠠᠭ᠎ᠠ ᠮᠦᠴᠢᠷ᠂ ᠠᠰᠠᠭᠤᠨ ᠰᠤᠷᠪᠤᠯᠵᠢᠯᠠᠬᠤ ᠬᠠᠯᠠᠮᠰᠢᠯ ᠤᠳᠠᠰᠦ ᠵᠡᠷᠭᠡ ᠠᠭᠤᠯᠭ᠎ᠠ ᠶᠢ ᠪᠠᠭᠳᠠᠭᠠᠵᠦ᠂ ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢ ᠮᠠᠯᠴᠢᠨ ᠲᠠᠷᠢᠶᠠᠴᠢᠨ ᠳᠤ ᠮᠡᠳᠡᠬᠦᠯᠬᠦ ᠶᠢ ᠦᠨᠡᠨᠬᠦ ᠪᠡᠶᠡᠯᠡᠬᠦᠯᠪᠡ᠃ ᠣᠲᠣᠬᠠᠨ ᠪᠣᠯᠲᠠᠯ᠎ᠠ᠂ ᠪᠥᠬᠦ ᠠᠶᠢᠮᠠᠭ ᠤᠨ ᠬᠢᠨ ᠨᠢᠭᠡᠨᠲᠡ 240 ᠲᠦᠮᠡᠨ ᠵᠤᠷᠪᠤᠰ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠬᠢ ᠶᠢ ᠭᠠᠷ ᠤᠳᠠᠰᠤᠨ ᠤᠬᠤᠷ ᠮᠡᠳᠡᠭᠡ ᠪᠠᠷ ᠶᠠᠪᠤᠭᠤᠯᠤᠭᠰᠠᠨ ᠪᠠᠶᠢᠨ᠎ᠠ᠃
111.jpg
     ᠬᠡᠰᠡᠭ ᠨᠥᠬᠦᠪᠥᠷᠢ ᠮᠦᠩᠬᠦ ᠶᠢ ᠪᠤᠰᠤᠳ ᠭᠡᠷᠡᠭ ᠤᠴᠢᠷ ᠲᠤ ᠬᠡᠷᠡᠭᠯᠡᠬᠦ᠂ ᠴᠠᠭ ᠲᠤᠬᠠᠢ ᠳᠤᠨᠢ ᠲᠠᠷᠬᠠᠭᠠᠭᠰᠠᠨ ᠦᠭᠡᠢ ᠵᠡᠷᠭᠡ ᠠᠰᠠᠭᠤᠳᠠᠯ ᠢ ᠰᠶᠢᠳᠪᠦᠷᠢᠯᠡᠬᠦ ᠶᠢᠨ ᠲᠦᠯᠦᠭᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠠᠴᠠ ᠠᠷᠠᠳ ᠲᠤ ᠠᠰᠢᠭ ᠬᠦᠷᠲᠡᠭᠡᠬᠦ ᠨᠥᠬᠦᠪᠥᠷᠢ ᠮᠦᠩᠬᠦ ᠶᠢ ᠰᠢᠭᠤᠳ ᠲᠠᠷᠬᠠᠭᠠᠬᠤ ᠲᠤᠭᠳᠠᠴᠠ ᠶᠢᠨ ᠰᠢᠨ᠎ᠡ ᠶᠢ ᠡᠬᠦᠳᠴᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠮᠦᠩᠬᠦ᠂ ᠬᠠᠷ᠎ᠠ ᠬᠦᠷᠦᠰᠦ ᠶᠢᠨ ᠬᠠᠮᠠᠭᠠᠯᠠᠯᠳᠠ ᠶᠢᠨ ᠴᠢᠨᠠᠷᠳᠠᠢ ᠪᠠᠷ ᠲᠠᠷᠢᠶᠠᠯᠠᠬᠤ ᠨᠦᠬᠦᠪᠦᠷᠢ ᠮᠦᠩᠬᠦ᠂ ᠰᠦ ᠶᠢᠨ ᠦᠢᠯᠡᠰ ᠢ ᠬᠦᠭᠵᠢᠬᠦᠯᠬᠦ ᠨᠦᠬᠦᠪᠦᠷᠢ ᠮᠦᠩᠬᠦ ᠵᠡᠷᠭᠡ ᠶᠢ ᠲᠡᠰ ᠲᠡᠪᠰᠢᠬᠦᠯᠦᠨ ᠬᠠᠮᠢᠶᠠᠷᠪᠠ᠃ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠬᠢᠨᠠᠨ ᠵᠦᠪᠰᠢᠶᠡᠷᠡᠵᠦ ᠬᠢᠨᠠᠨ ᠰᠢᠯᠭᠠᠬᠤ ᠪᠠ ᠰᠠᠯᠠᠭ᠎ᠠ ᠮᠦᠴᠢᠷ ᠤᠨ ᠭᠤᠤᠯ ᠴᠤᠭᠴᠠ ᠬᠠᠷᠢᠭᠤᠴᠠᠯᠭ᠎ᠠ ᠬᠤᠪᠢᠷᠠᠬᠤ ᠦᠭᠡᠢ ᠰᠠᠭᠤᠷᠢᠨ ᠲᠡᠭᠡᠷ᠎ᠠ ᠠᠶᠢᠮᠠᠭ ᠬᠤᠳᠠ ᠶᠢᠨ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠨᠥᠬᠦᠪᠥᠷᠢ ᠣᠯᠭᠤᠬᠤ ᠡᠲᠡᠭᠡᠳ ᠲᠤ ᠰᠢᠭᠤᠳ ᠲᠠᠷᠬᠠᠭᠠᠬᠤ ᠪᠤᠯᠵᠠᠢ᠃     ᠨᠤᠳᠤᠭ ᠪᠡᠯᠴᠢᠭᠡᠷ ᠲᠤ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠶᠢᠳᠪᠦᠷᠢᠯᠡᠬᠦ ᠪᠠᠷ᠂ ᠬᠢᠩᠭᠠᠨ ᠠᠶᠢᠮᠠᠭ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠶᠢᠨ ᠱᠠᠩᠨᠠᠯ ᠤᠨ ᠪᠡᠯᠡ ᠮᠦᠩᠬᠦ ᠤᠯᠭᠤᠬᠤ ᠵᠠᠭᠪᠤᠷ ᠤᠨ ᠰᠢᠨ᠎ᠡ ᠶᠢ ᠡᠬᠦᠳᠬᠦ ᠶᠢ ᠲᠦᠯᠬᠢᠨ ᠠᠬᠢᠭᠤᠯᠵᠦ᠂ ︽ᠭᠡᠨ ᠤᠯᠭᠤᠬᠤ᠂ ᠭᠡᠷᠬᠢᠨ ᠤᠯᠭᠤᠬᠤ᠂ ᠭᠡᠷᠬᠢᠨ ᠬᠠᠮᠢᠶᠠᠷᠬᠤ᠂ ᠭᠡᠷᠬᠢᠨ ᠱᠠᠩᠨᠠᠵᠦ ᠲᠤᠷᠭᠠᠬᠤ᠂ ᠭᠡᠷᠬᠢᠨ ᠮᠦᠷᠳᠡᠨ ᠲᠠᠭᠠᠵᠦ ᠦᠷ᠎ᠠ ᠠᠰᠢᠭ ᠢ ᠠᠰᠠᠭᠤᠬᠤ︾ ᠵᠡᠷᠬᠡ ᠶᠢᠨ ᠲᠤᠭᠤᠷᠢᠨ ᠳᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ ︽ᠨᠤᠳᠤᠭ ᠪᠡᠯᠴᠢᠭᠡᠷ ᠲᠤ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠶᠢᠳᠪᠦᠷᠢᠯᠡᠬᠦ 18 ᠵᠤᠷᠪᠤᠰ ᠠᠷᠭ᠎ᠠ ᠠᠪᠴᠠᠯ︾ ᠢ ᠲᠤᠭᠳᠠᠭᠠᠵᠦ᠂ ᠦᠷ᠎ᠠ ᠠᠰᠢᠭ ᠭᠠᠷᠭᠠᠭᠰᠠᠨ ᠤ ᠲᠠᠷᠠᠭ᠎ᠠ ᠱᠠᠩᠨᠠᠨ ᠨᠦᠬᠦᠪᠦᠷᠢᠯᠡᠬᠦ ᠲᠤᠭᠳᠠᠴᠠ ᠶᠢ ᠪᠠᠶᠢᠭᠤᠯᠪᠠ᠃ ᠡᠨᠡ ᠵᠢᠯ᠂ ᠪᠦᠬᠦ ᠠᠶᠢᠮᠠᠭ ᠠᠴᠠ 426.5 ᠲᠦᠮᠡᠨ ᠲᠦᠭᠦᠷᠢᠭ ᠰᠠᠭᠤᠯᠭᠠᠨ ᠠᠪᠴᠦ ᠲᠠᠷᠬᠠᠭᠠᠨ᠂ ᠨᠤᠳᠤᠭ ᠪᠡᠯᠴᠢᠭᠡᠷ ᠤᠨ ᠱᠠᠩᠨᠠᠨ ᠨᠦᠬᠦᠪᠦᠷᠢᠯᠡᠬᠦ ᠪᠡᠯᠡ ᠮᠦᠩᠬᠦ ᠶᠢᠨ 1.7% ᠶᠢ ᠡᠵᠡᠯᠡᠪᠡ᠃                                  ︵ᠬᠠᠨ ᠢᠤᠢ ᠭᠧ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号