| ᠡᠪᠦᠯ ᠤᠨ ᠤᠯᠠᠷᠢᠯ ᠳᠤ ᠬᠠᠷᠢᠶᠠᠳᠤ ᠤᠷᠤᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠡ᠊ᠨᠳᠡᠯ ᠭᠠᠷᠬᠤ ᠶᠢ | ᠪᠦᠳᠦᠮᠵᠢᠳᠡᠢ ᠰᠡᠷᠬᠡᠶᠢᠯᠡᠵᠦ᠂ ᠤᠯᠠᠨ ᠲᠦᠮᠡᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠢ | ᠲᠡᠭᠡᠭᠰᠢᠯᠡᠬᠦᠯᠬᠦ ᠶᠢᠨ ᠲᠦᠯᠦᠬᠡ ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ | ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠶᠢᠨ ᠬᠢᠨ ᠰᠢᠷᠢᠰ ᠵᠠᠮ ᠬᠠᠷᠢᠯᠴᠠᠭᠠᠨ ᠤ | ᠠᠮᠦᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ | ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠶᠢᠨ ᠬᠢᠨ ᠪᠦᠬᠦ ᠠᠷᠠᠳ ᠢᠶᠠᠷ ᠢᠶᠠᠨ ᠵᠠᠮ | ᠬᠠᠷᠢᠯᠴᠠᠭᠠᠨ ᠤ ᠠᠮᠦᠷ ᠲᠦᠪᠰᠢᠨ ᠢ ᠠᠩᠬᠠᠷᠬᠤ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠬᠡ᠂ ᠬᠠᠷᠢᠶᠠᠳᠤ | ᠤᠷᠤᠨ ᠤ ᠴᠠᠬᠳᠠᠭᠠᠨ ᠤ ᠶᠠᠪᠤᠳᠠᠯ ᠤᠨ ᠦᠷᠳᠡᠭᠡ ᠵᠢᠴᠢ ᠡᠯ᠎ᠡ ᠲᠤᠮᠤ ᠨᠡᠶᠢᠳᠡ ᠶᠢᠨ ᠲᠠᠯᠠᠪᠦᠷ ᠭᠠᠵᠠᠷ ᠤᠨ | ᠡᠯᠧᠺᠲᠷᠤᠨ ᠲᠡᠯᠬᠡᠴᠡ ᠶᠢ ᠠᠰᠢᠬᠯᠠᠨ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠶᠢᠨ ᠤᠷᠢᠶ᠎ᠠ ᠶᠢ | ᠲᠠᠰᠦᠷᠠᠯᠳᠠ ᠦᠬᠡᠢ ᠨᠡᠪᠳᠡᠷᠡᠬᠦᠯᠵᠦ᠂ ᠤᠯᠠᠨ ᠲᠦᠮᠡᠨ ᠤ ᠠᠮᠦᠷ ᠲᠦᠪᠰᠢᠨ ᠢᠶᠠᠷ ᠨᠠᠭᠠᠰᠢ ᠴᠠᠭᠠᠰᠢ ᠶᠠᠪᠤᠬᠤ ᠶᠢ | ᠰᠠᠨᠠᠭᠤᠯᠵᠠᠢ᠃ | ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠶᠢᠨ ᠬᠢᠨ ᠪᠠᠰᠠ ᠬᠦᠳᠡᠭᠡ ᠲᠤᠰᠬᠤᠨ ᠤ | ᠭᠤᠤᠯᠳᠠᠯᠭ᠎ᠠ ᠲᠠᠢ ᠬᠦᠮᠦᠰ ᠪᠠ ᠵᠠᠮ ᠤᠨ ᠬᠡᠰᠡᠭ ᠲᠤ ᠴᠢᠭᠯᠡᠬᠦᠯᠦᠨ᠂ ᠬᠦᠳᠡᠭᠡ ᠲᠤᠰᠬᠤᠨ ᠢᠶᠠᠷ ᠬᠦᠨᠵᠡᠬᠡᠶᠢᠷᠡᠨ | ᠤᠯᠠᠨ ᠲᠦᠮᠡᠨ ᠢ ᠨᠠᠭᠠᠰᠢ ᠴᠠᠭᠠᠰᠢ ᠶᠠᠪᠤᠬᠤ ᠳᠠᠭᠠᠨ ᠡᠷᠬᠡᠪᠰᠢ ᠵᠠᠮ ᠬᠠᠷᠢᠯᠴᠠᠭᠠᠨ ᠤ ᠠᠮᠦᠷ ᠲᠦᠪᠰᠢᠨ ᠢ ᠠᠩᠬᠠᠷᠴᠦ | ᠂ ᠦᠪᠡᠷ ᠤᠨ ᠤᠬᠠᠮᠰᠠᠷ ᠠᠴᠠ ᠪᠠᠨ ᠬᠠᠤᠯᠢ ᠲᠦᠷᠢᠮ ᠢ ᠰᠠᠬᠢᠬᠤ ᠬᠡᠷᠡᠭᠳᠡᠢ ᠭᠡᠵᠦ ᠱᠠᠭᠠᠷᠳᠠᠪᠠ᠃ ᠪᠠᠰᠠ ᠠᠷᠢᠬᠢ | ᠤᠤᠭᠤᠵᠦ ᠲᠡᠷᠬᠡ ᠵᠢᠯᠤᠭᠤᠳᠬᠤ᠂ ᠰᠤᠬᠳᠤᠭᠤ ᠪᠠᠷ ᠲᠡᠷᠬᠡ ᠵᠢᠯᠤᠭᠤᠳᠬᠤ᠂ ᠴᠠᠬᠢᠯᠭᠠᠨ ᠬᠦᠳᠡᠯᠬᠡᠬᠦᠷᠢᠳᠤ ᠮᠤᠲ᠋ᠤᠷ | ᠤᠨᠤᠬᠤ ᠳᠠᠭᠠᠨ ᠠᠮᠦᠷ ᠲᠦᠪᠰᠢᠨ ᠤ ᠲᠤᠭᠤᠯᠠᠭ᠎ᠠ ᠵᠡᠬᠦᠬᠦ ᠦᠬᠡᠢ ᠵᠡᠷᠭᠡ ᠡᠯ᠎ᠡ ᠲᠦᠷᠦᠯ ᠤᠨ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠡᠬᠦᠰᠬᠦ ᠶᠢ ᠡᠷᠡᠰ ᠬᠤᠷᠢᠬᠯᠠᠵᠦ᠂ ᠠᠮᠦᠷ ᠲᠦᠪᠰᠢᠨ ᠢᠶᠠᠷ ᠶᠠᠪᠤᠬᠤ ᠶᠢ ᠱᠠᠭᠠᠷᠳᠠᠵᠠᠢ᠃ | | | | | | | | ᠪᠠᠢ ᠪᠢᠩ ᠬᠠᠨ᠎ᠠ ᠰᠡᠭᠦᠳᠡᠷᠯᠡᠨ ᠮᠡᠳᠡᠭᠡᠯᠡᠪᠡ | | | | ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ | ᠶᠡᠭᠡ ᠠᠩᠬᠢ ᠶᠢᠨ ᠬᠢᠨ ᠰᠢᠷᠢᠰ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ | ᠦᠷᠨᠢᠬᠦᠯᠬᠦ ᠪᠠᠷ ᠲᠠᠮᠵᠢᠭᠤᠯᠤᠨ᠂ ᠤᠯᠠᠨ ᠲᠦᠮᠡᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠮᠡᠳᠡᠯᠬᠡ ᠶᠢ ᠤᠯᠠᠮ | ᠨᠢᠬᠡ ᠠᠯᠬᠤᠮ ᠨᠡᠮᠡᠭᠳᠡᠬᠦᠯᠵᠦ᠂ ᠵᠠᠮ ᠬᠠᠷᠢᠯᠴᠠᠭᠠᠨ ᠤ ᠠᠮᠦᠷ ᠲᠦᠪᠰᠢᠨ ᠤ ᠰᠡᠷᠬᠡᠶᠢᠯᠡᠯᠳᠡ ᠶᠢᠨ ᠤᠬᠠᠮᠰᠠᠷ ᠢ ᠨᠢ | ᠴᠢᠨᠠᠭᠰᠢᠳᠠ ᠲᠡᠭᠡᠭᠰᠢᠯᠡᠬᠦᠯᠵᠡᠢ᠃ | | | | | | | | | | | | | | | |