ᠤᠯᠠᠭᠠᠨᠬᠤᠳᠠ ᠮᠥᠰᠥ ᠴᠠᠰᠤᠨ ᠤ ᠨᠠᠭᠠᠳᠤᠮ ᠢᠶᠠᠷ ᠡᠪᠦᠯ ᠤᠨ ᠡᠳᠦᠷ ᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠤᠷᠮᠠᠰᠢᠭᠤᠯᠤᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/11
 ᠡᠨᠡ ᠵᠢᠯ ᠤᠨ ᠡᠬᠢᠨ ᠠᠴᠠ ᠨᠠᠰᠢ᠂ ᠤᠯᠠᠭᠠᠨᠬᠤᠲᠠ  ︽  ᠮᠦᠰᠤ ᠴᠠᠰᠤ ᠴᠤ ᠠᠯᠳᠠ ᠮᠦᠩᠬᠦᠨ ᠠᠭᠤᠯᠠ ᠮᠦᠨ︾ ᠭᠡᠬᠦ ᠬᠦᠭᠵᠢᠯᠳᠡ ᠶᠢᠨ ᠤᠶᠢᠯᠠᠭᠠᠭᠳᠠᠬᠤᠨ ᠢ ᠢᠳᠡᠪᠬᠢᠳᠠᠢ ᠤᠶᠢᠯᠡᠳᠤᠯᠭᠡᠵᠢᠬᠦᠯᠵᠤ᠂ ︽ᠮᠥᠰᠥ ᠴᠠᠰᠤᠨ ᠤ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠮᠥᠰᠥ ᠴᠠᠰᠤᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠮᠥᠰᠥ ᠴᠠᠰᠤ + ᠪᠡᠶ᠎ᠡ ᠶᠢᠨ ᠲᠠᠮᠢᠷ︾ ︽ᠮᠥᠰᠥ ᠴᠠᠰᠤ + ᠠᠷᠠᠳ ᠤᠨ ᠵᠠᠩ ᠦᠢᠯᠡ︾ ᠵᠡᠷᠭᠡ ᠶᠢ ᠭᠦᠨᠵᠡᠭᠡᠶ ᠠᠭᠤᠰᠤᠯᠴᠠᠭᠤᠯᠤᠭᠰᠠᠨ ᠡᠪᠦᠯ ᠤᠨ ᠤᠯᠠᠷᠢᠯ ᠤᠨ ᠤᠨᠴᠠᠯᠢᠬᠳᠤ ᠵᠢᠭᠤᠯᠴᠢᠯᠠᠯ ᠤᠨ ᠪᠦᠲᠦᠭᠡᠭᠳᠡᠬᠦᠨ ᠢ ᠰᠠᠶᠢᠳᠤᠷ ᠡᠭᠦᠳᠴᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠤ ᠪᠤᠢ᠃
22.jpg
     ᠪᠠᠶᠠᠨᠴᠠᠭᠠᠨ ᠠᠭᠤᠯᠠ ᠶᠢᠨ ᠴᠠᠰᠤᠨ ᠳᠤ ᠭᠤᠯᠭᠤᠬᠤ ᠲᠠᠯᠠᠪᠠᠢ ᠪᠠᠷ ᠬᠦᠷᠬᠦ ᠳᠤ᠂ ᠮᠠᠰᠢᠨ ᠮᠧᠬᠠᠨᠢᠭ ᠤᠨ  ᠬᠦᠷᠴᠢᠬᠢᠨᠡᠬᠦ ᠶᠢ ᠳᠠᠭᠠᠯᠳᠤᠨ᠂ ᠴᠠᠪ ᠴᠠᠭᠠᠨ ᠴᠠᠰᠤᠨ ᠯᠠᠪᠰᠠ ᠴᠠᠰᠤ ᠵᠤᠬᠢᠶᠠᠬᠤ ᠮᠠᠰᠢᠨ ᠠᠴᠠ ᠪᠤᠷᠬᠢᠯᠤᠨ ᠭᠠᠷᠴᠤ ᠢᠷᠡᠨ᠂ ᠠᠵᠢᠯᠲᠠᠳ ᠶᠠᠭ ᠴᠠᠰᠤ ᠲᠠᠷᠤᠬᠤ ᠮᠠᠰᠢᠨ ᠢᠶᠠᠷ ᠴᠠᠰᠤᠨ ᠵᠠᠮ ᠲᠡᠭᠡᠷ᠎ᠡ ᠴᠠᠰᠤ ᠲᠠᠷᠤᠵᠤ ᠶᠠᠭᠠᠷᠠᠯᠳᠤᠨ᠎ᠠ᠃ ᠡᠭᠦᠨ ᠤ ᠬᠠᠮᠲᠤ᠂ ᠴᠠᠰᠤᠨ ᠳᠤ ᠭᠤᠯᠭᠤᠬᠤ ᠬᠡᠷᠡᠭᠰᠡᠯ ᠤᠨ ᠶᠡᠭᠡ ᠲᠢᠩᠬᠢᠮ ᠳᠤ ᠴᠠᠰᠤᠨ ᠳᠤ ᠭᠤᠯᠭᠤᠬᠤ ᠬᠠᠪᠲᠠᠰᠤ ᠂ ᠴᠠᠰᠤᠨ ᠳᠤ ᠭᠤᠯᠭᠤᠬᠤ ᠱᠠᠬᠠᠶ᠂ ᠳᠤᠭᠤᠯᠠᠭ᠎ᠠ ᠵᠡᠷᠭᠡ ᠴᠠᠰᠤᠨ ᠳᠤ ᠭᠤᠯᠭᠤᠬᠤ ᠪᠠᠭᠠᠵᠢ ᠬᠡᠷᠡᠭᠰᠡᠯ ᠢ ᠪᠠᠷᠠᠭᠠᠨ ᠤ ᠲᠠᠯᠪᠢᠭᠤᠷ ᠳᠡᠭᠡᠷ᠎ᠡ ᠲᠡᠷᠢ ᠲᠡᠭᠰᠢ ᠲᠠᠯᠪᠢᠵᠤ᠂ ᠥᠷᠭᠡᠨ ᠣᠯᠠᠨ ᠴᠠᠰᠤᠨ ᠳᠤ ᠭᠤᠯᠭᠤᠬᠤ ᠳᠤᠷᠠᠲᠠᠶ ᠬᠥᠮᠦᠰ ᠲᠠᠢ ᠬᠠᠮᠲᠤ ᠪᠠᠷ ᠮᠥᠰᠥ ᠴᠠᠰᠤᠨ ᠳᠤ ᠭᠤᠯᠭᠤᠬᠤ ᠪᠠᠷ ᠪᠤᠯᠵᠤᠬᠤ ᠶᠢ ᠬᠦᠰᠡᠨ ᠬᠦᠯᠢᠶᠡᠵᠤ ᠪᠠᠶᠢᠨ᠎ᠠ᠃ ᠣᠶᠢᠯᠠᠭᠠᠭᠰᠠᠨ ᠢᠶᠠᠷ᠂ ᠪᠠᠶᠠᠨᠴᠠᠭᠠᠨ ᠠᠭᠤᠯᠠ ᠶᠢᠨ ᠴᠠᠰᠤᠨ ᠳᠤ ᠭᠤᠯᠭᠤᠬᠤ ᠲᠠᠯᠠᠪᠠᠢ 12 ᠰᠠᠷ᠎ᠠ ᠶᠢᠨ ᠳᠤᠮᠳᠠᠴᠢ ᠪᠠᠷ ᠵᠢᠩᠬᠢᠨᠢ ᠪᠠᠷ ᠡᠵᠡᠩᠨᠡᠯᠳᠡ ᠪᠠᠨ ᠡᠬᠢᠯᠡᠬᠦᠯᠬᠦ ᠪᠠᠷ ᠪᠤᠢ᠃
11.jpg
      ᠴᠠᠰᠤᠨ ᠳᠤ ᠭᠤᠯᠭᠤᠬᠤ ᠲᠠᠯᠠᠪᠠᠢ ᠠᠴᠠ ᠭᠠᠳᠠᠨ᠎ᠠ᠂ ᠪᠠᠶᠠᠨᠴᠠᠭᠠᠨ ᠠᠭᠤᠯᠠ ᠶᠢᠨ ᠦᠵᠡᠮᠵᠢ ᠶᠢᠨ ᠣᠷᠣᠨ ᠪᠠᠰᠠ ᠡᠯᠪᠡᠭ ᠪᠠᠶᠠᠯᠢᠭ ᠮᠥᠰᠥ ᠴᠠᠰᠤᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠪᠠᠶᠠᠨᠴᠠᠭᠠᠨ ᠠᠭᠤᠯᠠ ᠶᠢᠨ ᠮᠥᠰᠥ ᠴᠠᠰᠤᠨ ᠤ ᠦᠪᠡᠳᠡᠭᠰᠢ ᠨᠠᠶᠢᠷ ᠤᠨ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠥᠷᠨᠢᠭᠦᠯᠵᠦ᠂ ᠤᠯᠠᠭᠠᠨᠬᠤᠲᠠ ᠶᠢᠨ ᠥᠪᠡᠷᠮᠢᠴᠡ ᠣᠨᠴᠠᠯᠢᠭ ᠲᠠᠢ ᠮᠥᠰᠥ ᠴᠠᠰᠤᠨ ᠤ ᠦᠵᠡᠮᠵᠢ ᠪᠠ ᠠᠷᠠᠳ ᠤᠨ ᠵᠠᠩ ᠦᠢᠯᠡ ᠶᠢᠨ ᠰᠣᠶᠣᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ︽ᠠᠶᠠᠯᠭᠤᠳᠤ ᠦᠪᠤᠷ ᠮᠤᠩᠭᠤᠯ · ᠳᠠᠪᠠᠭᠠᠨ ᠳᠡᠭᠡᠷᠡᠬᠢ ᠬᠢᠩᠭᠠᠨ ᠠᠶᠢᠮᠠᠭ · ᠮᠥᠰᠥ ᠴᠠᠰᠤᠨ ᠤ ᠠᠶᠠᠯᠠᠯ ᠤᠨ ᠤᠯᠠᠭᠠᠨᠬᠤᠲᠠ︾ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠷᠠᠲᠤ ᠲᠡᠮᠳᠡᠭ ᠢ ᠦᠷᠭᠦᠯᠵᠢᠯᠡᠨ ᠬᠠᠩᠭᠢᠨᠠᠭᠤᠯᠵᠤ᠂ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠶᠡᠨᠲᠡᠶ ᠪᠣᠯᠬᠤ ᠶᠢ ᠠᠬᠢᠭᠤᠯᠵᠤ ᠪᠤᠢ᠃
33.jpg
     ︽ᠥᠷᠭᠡᠨ ᠣᠯᠠᠨ ᠬᠤᠲᠠ ᠶᠢᠨ ᠠᠷᠠᠳ ᠵᠢᠴᠢ ᠵᠢᠭᠤᠯᠴᠢᠯᠠᠭᠰᠠᠳ ᠲᠤ ᠪᠠᠶᠠᠨᠴᠠᠭᠠᠨ ᠠᠭᠤᠯᠠ ᠶᠢᠨ ᠮᠥᠰᠥ ᠴᠠᠰᠤᠨ ᠤ ᠨᠠᠶᠢᠷ ᠤᠨ ᠰᠢᠷᠢᠰ ᠠᠵᠢᠯᠯᠠᠭ᠎ᠠ ᠶᠢ ᠡᠷᠲᠡᠬᠡᠨ ᠣᠶᠢᠯᠠᠭᠠᠭᠤᠯᠬᠤ ᠶᠢᠨ ᠲᠥᠯᠥᠭᠡ᠂ ᠬᠤᠲᠠ ᠶᠢᠨ ᠤᠯᠤᠰ ᠤᠨ ᠪᠠᠯᠠ ᠣᠷᠣᠭᠤᠯᠤᠯᠲᠠ ᠶᠢᠨ ᠺᠣᠮᠫᠠᠨᠢ ᠶᠠᠭ 24 ᠴᠠᠭ ᠲᠤ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠵᠤ ᠪᠠᠶᠢᠨ᠎ᠠ᠃ ᠲᠤᠬᠠᠢ ᠶᠢᠨ ᠦᠶ᠎ᠡ ᠳᠤ᠂ ᠪᠠᠷᠢᠮᠵᠢᠶᠠᠲᠤ ᠴᠠᠰᠤᠨ ᠳᠤ ᠭᠤᠯᠭᠤᠬᠤ ᠵᠠᠮ᠂ 400 ᠮᠧᠲᠷ ᠤᠷᠳᠤ ᠮᠦᠰᠣᠨ ᠲᠠᠰᠢᠯᠳᠠ ᠶᠢᠨ ᠱᠠᠳᠤ᠂ ᠲᠤᠮᠤ ᠬᠡᠯᠪᠡᠷᠢ ᠶᠢᠨ ᠮᠥᠰᠥᠨ ᠰᠢᠬᠢᠷᠳᠤ ᠬᠤᠯᠤ ᠶᠢᠨ ᠮᠣᠳᠣ᠂ DIY ᠡᠴᠢᠭᠡ ᠡᠬᠡ ᠦᠷ᠎ᠡ ᠬᠡᠤᠭᠡᠳ ᠤᠨ ᠴᠠᠰᠤᠨ ᠱᠤᠭᠤᠮᠠᠯ ᠤᠨ ᠤᠷᠤᠯᠳᠤᠭᠠᠨ᠂ ᠬᠡᠦᠬᠡᠳ ᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠵᠡᠷᠭᠡ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠨᠢ ᠤᠯᠠᠨ ᠲᠦᠮᠡᠨ ᠳᠤ ᠡᠪᠦᠯ ᠤᠨ ᠤᠯᠠᠷᠢᠯ ᠤᠨ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠪᠠ ᠪᠠᠶᠠᠷ ᠪᠠᠭ᠋ᠠᠳᠤᠯ ᠢ ᠬᠦᠷᠲᠡᠭᠡᠬᠦ ᠪᠣᠯᠤᠨ᠎ᠠ︾ ᠭᠡᠵᠦ ᠤᠯᠠᠭᠠᠨᠬᠤᠲᠠ ᠶᠢᠨ ᠼᠠᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠷᠧᠨ ᠵᠢᠶᠠᠨ ᠹᠸᠢ ᠬᠡᠯᠡᠪᠡ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号