| | ᠰᠤᠷᠤᠭᠴᠢᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠪᠣᠯᠪᠠᠰᠤᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢᠨ ᠲᠥᠯᠥᠭᠡ᠂ | 12 ᠰᠠᠷ᠎ᠠ ᠶᠢᠨ 5 ᠤ ᠡᠳᠦᠷ᠂ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ | ᠤᠯᠠᠭᠠᠨᠬᠤᠲᠠ ᠶᠢᠨ ᠲᠢᠶᠠᠨ ᠵᠢᠶᠤᠤ ᠵᠡᠭᠡᠯᠢ ᠶᠢᠨ ᠹᠦ᠋ ᠠᠨ ᠨᠡᠶᠢᠭᠡᠮ ᠲᠣᠭᠤᠷᠢᠭ᠂ ᠬᠢᠩᠭᠠᠨ ᠠᠶᠢᠮᠠᠭ ᠤᠨ ᠰᠢᠶᠠᠩ | ᠶᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠯᠠᠭᠤ ᠰᠠᠶᠢᠨ ᠳᠤᠷᠠᠴᠤᠳ ᠤᠨ ᠨᠡᠶᠢᠭᠡᠮᠯᠢᠭ ᠠᠴᠠ ᠬᠠᠮᠳᠤᠷᠠᠨ | ᠡᠷᠬᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠤᠯᠠᠭᠠᠨᠬᠤᠲᠠ ᠶᠢᠨ ᠾᠧ ᠵᠠᠨ ᠪᠠᠭ᠎ᠠ | ᠰᠤᠷᠭᠠᠭᠤᠯᠢ ᠳᠤ ᠶᠠᠪᠤᠭᠳᠠᠪᠠ᠃ | | | | | | | ᠠᠵᠢᠯᠯᠠᠭ᠎ᠠ ᠶᠢᠨ ᠳᠤᠮᠳᠠ᠂ ᠬᠢᠩᠭᠠᠨ ᠠᠶᠢᠮᠠᠭ ᠤᠨ ᠰᠢᠶᠠᠩ ᠶᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠠᠯᠠᠭᠤ ᠰᠠᠶᠢᠨ ᠳᠤᠷᠠᠴᠤᠳ ᠤᠨ ᠨᠡᠶᠢᠭᠡᠮᠯᠢᠭ ᠤᠨ ᠪᠦᠷᠢᠯᠳᠦᠬᠦᠨ ᠠᠴᠠ ᠠᠮᠢᠳᠤᠯᠢᠭ ᠰᠣᠨᠢᠷᠬᠠᠯᠲᠠᠶ ᠬᠡᠯᠪᠡᠷᠢ ᠪᠠᠷ | ᠰᠤᠷᠤᠭᠴᠢᠳ ᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠣᠯᠠᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ | ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠭᠤᠯᠪᠠ᠃ | | | | | | | | ᠬᠤᠭ ᠨᠣᠪᠰᠢ ᠶᠢ ᠠᠩᠬᠢᠯᠠᠬᠤ ᠲᠣᠭᠯᠠᠭᠠᠮ ᠳᠤ ᠰᠤᠷᠤᠭᠴᠢᠳ ᠢᠳᠡᠪᠬᠢᠲᠡᠶ ᠣᠷᠣᠯᠴᠠᠵᠤ᠂ ᠠᠳᠠᠯᠢ ᠪᠤᠰᠤ | ᠲᠥᠷᠥᠯ ᠵᠦᠢᠯ ᠤᠨ ᠬᠤᠭ ᠨᠣᠪᠰᠢ ᠶᠢ ᠣᠨᠣᠪᠴᠢᠲᠠᠶ ᠠᠩᠬᠢᠯᠠᠵᠤ᠂ ᠦᠪᠡᠷ ᠤᠨ ᠦᠩᠭᠡᠷᠡᠯᠳᠡ ᠪᠠᠷ ᠢᠶᠠᠨ ᠬᠤᠭ | ᠨᠣᠪᠰᠢ ᠶᠢ ᠠᠩᠬᠢᠯᠠᠬᠤ ᠮᠡᠳᠡᠯᠭᠡ ᠶᠢ ᠡᠵᠡᠮᠰᠢᠭᠰᠡᠨ ᠪᠠᠶᠢᠨ᠎ᠠ᠃ ᠰᠤᠷᠤᠭᠴᠢᠳ ᠪᠠᠰᠠ ᠪᠠᠭᠰᠢ ᠶᠢᠨ ᠢᠶᠠᠨ ᠳᠠᠭᠠᠭᠤᠯᠭ᠎ᠠ | ᠪᠠᠷ᠂ ᠳᠥᠭᠦᠮ ᠰᠢᠷᠡᠭᠡᠨ ᠳᠡᠭᠡᠷᠡᠬᠢ ᠬᠤᠭ ᠨᠣᠪᠰᠢ ᠶᠢᠨ ᠰᠠᠪᠠ ᠶᠢ ᠦᠢᠯᠡᠳᠴᠦ᠂ ᠪᠦᠲᠦᠭᠡᠯᠴᠢ ᠰᠡᠳᠬᠢᠮᠵᠢ ᠶᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠳᠦᠯᠭᠡ ᠲᠠᠢ ᠤᠶᠠᠯᠳᠤᠭᠤᠯᠵᠤ᠂ ᠰᠤᠨᠢᠷᠬᠠᠯ ᠲᠠᠢ ᠦᠢᠯᠡᠳᠬᠦ | ᠶᠠᠪᠤᠴᠠ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠪᠠ᠃ |