| | ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ | ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠡᠨᠡ ᠵᠢᠯ ᠠᠴᠠ ᠨᠠᠰᠢ᠂ ᠤᠯᠠᠭᠠᠨᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ ᠣᠷᠣᠨ ᠰᠠᠭᠤᠴᠠ ᠶᠢᠨ ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠪᠠ ᠠᠶᠤᠯ | ᠲᠦᠭᠰᠢᠭᠦᠷᠢ ᠶᠢᠨ ᠪᠠᠲᠤᠯᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ᠂ ᠨᠠᠰᠤᠲᠠᠶᠢᠴᠤᠳ ᠤᠨ ᠥᠲᠡᠯᠦᠭᠡ | ᠨᠠᠰᠤ ᠪᠠᠨ ᠪᠠᠶᠠᠷ ᠵᠢᠷᠭᠠᠯ ᠲᠠᠢ ᠥᠩᠭᠡᠷᠡᠭᠦᠯᠬᠦ ᠳᠤ ᠬᠦᠴᠦᠨ ᠨᠡᠮᠡᠷᠢᠯᠡᠵᠤ ᠪᠤᠢ᠃ | | | | | ᠬᠠᠬᠢᠷ ᠡᠪᠦᠯ ᠤᠨ ᠤᠯᠠᠷᠢᠯ ᠳᠤ᠂ ᠭᠡᠭᠡᠨᠰᠦ᠋ᠮ᠎ᠡ ᠪᠠᠯᠭᠠᠰᠤᠨ ᠤ ᠬᠠᠳᠠᠨ ᠠᠷᠤ ᠭᠠᠴᠠᠭ᠎ᠠ ᠶᠢᠨ ᠵᠣᠯ ᠵᠢᠷᠭᠠᠯᠳᠤ | ᠬᠦᠷᠢᠶᠡᠯᠡᠩ ᠤᠨ 65 ᠲᠠᠢ ᠨᠠᠰᠤᠲᠠᠨ ᠳ᠋ᠦᠩ ᠲᠢᠶᠧ ᠭᠠᠩ ᠤᠨ ᠥᠷᠥᠭᠡᠨ ᠳᠤ ᠣᠷᠣᠬᠤ ᠳᠤ᠂ ᠭᠡᠷ ᠳᠣᠲᠣᠷ᠎ᠠ ᠨᠢ | ᠴᠡᠪᠡᠷ ᠴᠡᠮᠴᠡᠭᠡᠷ᠂ ᠡᠮᠬᠢ ᠳᠢᠭᠯᠢᠮ ᠲᠠᠢ ᠪᠠᠶᠢᠵᠤ᠂ ᠬᠠᠯᠠᠭᠤᠨ ᠲᠤᠯᠠᠭᠠᠨ ᠠᠭᠤᠷ ᠠᠮᠢᠰᠬᠤᠯ ᠢᠶᠠᠷ ᠪᠢᠯᠬᠠᠨ᠎ᠠ᠃ ᠵᠣᠯ | ᠵᠢᠷᠭᠠᠯᠳᠤ ᠬᠦᠷᠢᠶᠡᠯᠡᠩ ᠤᠨ ᠵᠣᠯ ᠵᠢᠷᠭᠠᠯᠲᠤ ᠠᠮᠢᠳᠤᠷᠠᠯ ᠤᠨ ᠢᠶᠠᠨ ᠲᠤᠬᠠᠶ ᠶᠠᠷᠢᠬᠤ ᠳᠤ᠂ ᠳ᠋ᠦᠩ ᠲᠢᠶᠧ ᠭᠠᠩ | ᠨᠠᠰᠤᠲᠠᠨ ᠨᠢᠭᠤᠷ ᠲᠦᠬᠦᠷᠡᠩ ᠢᠨᠢᠶᠡᠮᠰᠦᠭᠯᠡᠯ ᠲᠤᠳᠤᠷᠠᠭᠤᠯᠵᠤ᠂ ︽ᠵᠠᠰᠠᠭ ᠤᠨ ᠣᠷᠳᠣᠨ ᠤ ᠬᠠᠪᠰᠤᠷᠤᠯᠭ᠎ᠠ | ᠳᠣᠤᠷ᠎ᠠ᠂ ᠮᠠᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠰᠠᠶᠢᠵᠢᠷᠠᠵᠤ᠂ ᠤᠷᠤᠰᠢᠨ ᠰᠠᠭᠤᠬᠤ ᠳᠤ ᠲᠤᠩ | ᠲᠠᠭᠠᠯᠠᠮᠵᠢᠳᠠᠢ ᠪᠤᠯᠵᠠᠢ︾ ᠭᠡᠨ᠎ᠡ᠃ | | | | | | | | | ᠭᠡᠭᠡᠨᠰᠦ᠋ᠮ᠎ᠡ ᠪᠠᠯᠭᠠᠰᠤᠨ ᠤ ᠬᠠᠳᠠᠨ ᠠᠷᠤ ᠭᠠᠴᠠᠭᠠᠨ ᠤ ᠵᠣᠯ ᠵᠢᠷᠭᠠᠯᠳᠤ ᠬᠦᠷᠢᠶᠡᠯᠡᠩ ᠨᠢ 330 ᠲᠡᠭᠰᠢ | ᠳᠥᠷᠪᠡᠯᠵᠢᠨ ᠮᠧᠲᠷ ᠲᠠᠯᠠᠪᠠᠢ ᠶᠢ ᠡᠵᠡᠯᠡᠵᠤ᠂ ᠤᠳᠤ ᠬᠥᠳᠡᠭᠡ ᠲᠣᠰᠬᠤᠨ ᠤ 7 ᠡᠷᠦᠬᠡ ᠶᠢᠨ ᠭᠠᠭᠴᠠ ᠬᠡᠤᠭᠡᠳ | ᠢᠶᠠᠨ ᠠᠯᠳᠠᠭᠰᠠᠨ ᠤᠨᠴᠠᠭᠠᠢ ᠶᠠᠳᠠᠭᠤ ᠬᠦᠴᠢᠷᠳᠡᠯᠲᠡᠢ 9 ᠨᠠᠰᠤᠲᠠᠨ ᠰᠠᠭᠤᠵᠤ ᠪᠠᠶᠢᠨ᠎ᠠ᠃ ᠬᠦᠷᠢᠶᠡᠯᠡᠩ ᠤᠨ | ᠲᠤᠳᠤᠷ᠎ᠠ ᠰᠢᠨ᠎ᠡ ᠪᠠᠷ ᠪᠠᠶᠢᠭᠤᠯᠤᠭᠰᠠᠨ ᠬᠠᠷᠰᠢ ᠰᠠᠭᠠᠳ ᠦᠭᠡᠶ ᠨᠠᠯᠠᠤ ᠭᠠᠵᠠᠷ᠂ ᠭᠠᠯ ᠰᠡᠷᠭᠡᠶᠢᠯᠡᠵᠤ ᠤᠨᠲᠠᠷᠠᠭᠠᠬᠤ | ᠪᠠᠭᠠᠵᠢ ᠬᠡᠷᠡᠭᠰᠡᠯ ᠪᠣᠯᠤᠨ ᠡᠳᠦᠷ ᠲᠤᠲᠤᠮ ᠤᠨ ᠤᠤᠭᠤᠬᠤ ᠤᠰᠤᠨ ᠤ ᠬᠤᠭᠤᠯᠠᠶ ᠵᠡᠷᠭᠡ ᠲᠥᠬᠦᠭᠡᠷᠦᠮᠵᠢ ᠨᠢ ᠡ᠊ᠨᠳᠡ | ᠰᠠᠭᠤᠵᠤ ᠪᠠᠶᠢᠭ᠎ᠠ ᠨᠠᠰᠤᠲᠠᠶᠢᠴᠤᠳ ᠤᠨ ᠠᠮᠢᠳᠤᠷᠠᠯ ᠢ ᠨᠠᠩ ᠳᠥᠭᠦᠮ ᠳᠥᠲᠡ ᠪᠣᠯᠭᠠᠵᠠᠢ᠃ ᠡ᠊ᠨᠳᠡ ᠥᠲᠡᠯᠦᠭᠡ | ᠨᠠᠰᠤ ᠪᠠᠨ ᠠᠮᠤᠷ ᠵᠢᠮᠦᠷ ᠥᠩᠭᠡᠷᠡᠭᠦᠯᠬᠦ ᠪᠠᠷ ᠢᠷᠡᠭᠰᠡᠨ ᠨᠠᠰᠤᠲᠠᠶᠢᠴᠤᠳ ︽ᠭᠡᠷ ᠠᠴᠠ ᠪᠠᠨ ᠰᠠᠯᠤᠭᠰᠠᠨ ᠴᠤ | ᠭᠠᠴᠠᠭᠠᠨ ᠠᠴᠠ ᠪᠠᠨ ᠰᠠᠯᠬᠤ ᠦᠭᠡᠢ︾ ᠪᠠᠶᠢᠵᠤ᠂ ᠬᠠᠷᠢᠯᠴᠠᠨ ᠬᠠᠪᠰᠤᠷᠤᠯᠴᠠᠨ᠂ ᠨᠡᠩ ᠤᠯᠠᠨ ᠬᠦᠷᠲᠡᠮᠵᠢ ᠶᠢᠨ | ᠲᠦᠷᠦᠭᠳᠡᠯ ᠲᠠᠢ ᠪᠣᠯᠪᠠ᠃ | | | | | | | ᠣᠶᠢᠯᠠᠭᠠᠭᠰᠠᠨ ᠢᠶᠠᠷ᠂ ᠣᠳᠣᠬᠠᠨ ᠳᠤ ᠤᠯᠠᠭᠠᠨᠬᠤᠲᠠ ᠶᠢᠨ ᠡᠯ᠎ᠡ ᠪᠠᠯᠭᠠᠰᠤ ᠭᠠᠴᠠᠭ᠎ᠠ ᠲᠣᠰᠬᠤᠨ 7 ᠵᠣᠯ | ᠵᠢᠷᠭᠠᠯᠳᠤ ᠬᠦᠷᠢᠶᠡᠯᠡᠩ ᠢ ᠪᠥᠲᠥᠭᠡᠨ ᠪᠠᠶᠢᠭᠤᠯᠵᠤ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢ ᠨᠡᠶᠢᠲᠡ 12 ᠪᠠᠶᠢᠭᠤᠯᠵᠤ᠂ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠢ 16 | ᠪᠠᠶᠢᠭᠤᠯᠪᠠ᠃ ᠨᠠᠰᠤᠵᠢᠯ ᠤᠨ ᠠᠰᠠᠷᠠᠮᠵᠢ ᠶᠢᠨ ᠬᠠᠲᠠᠭᠤ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢᠨ ᠬᠠᠮᠲᠤ | ᠂ ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠᠰᠠ ᠲᠤᠮᠳᠠᠳᠤ ᠤᠯᠤᠰ ᠤᠨ ᠠᠷᠠᠳ ᠤᠨ ᠡᠳ᠋ | ᠬᠦᠷᠤᠩᠬᠡ ᠶᠢᠨ ᠳᠠᠭᠠᠳᠬᠠᠯ ᠤᠨ ᠬᠢᠩᠭᠠᠨ ᠠᠶᠢᠮᠠᠭ ᠲᠠᠬᠢ ᠬᠤᠪᠢᠶᠠᠷᠢ ᠺᠣᠮᠫᠠᠨᠢ ᠲᠠᠢ ᠢᠳᠡᠪᠬᠢᠲᠡᠶ ᠬᠠᠮᠵᠢᠯᠴᠠᠨ᠂ | ᠤᠯᠠᠭᠠᠨᠬᠤᠲᠠ ᠶᠢᠨ ᠬᠠᠷᠢᠶ᠎ᠠ ᠣᠷᠣᠨ ᠤ 142603 ᠨᠡᠷᠡᠰ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ | ᠰᠦᠢᠳᠬᠡᠯ ᠬᠤᠷᠢᠶᠠᠬᠤ ᠥᠬᠡᠶ ᠪᠠᠷ ︽ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ︾ ᠳᠤ | ᠤᠷᠤᠯᠴᠠᠭᠤᠯᠵᠤ᠂ ᠪᠥᠬᠦ ᠬᠤᠲᠠ ᠶᠢᠨ ᠬᠠᠷᠢᠶ᠎ᠠ ᠣᠷᠣᠨ ᠤ ᠨᠠᠰᠤᠲᠠᠶᠢᠴᠤᠳ ᠤᠨ ᠳᠠᠭᠠᠳᠬᠠᠯ ᠤᠨ ᠪᠦᠷᠬᠦᠴᠡ ᠶᠢᠨ | ᠨᠣᠷᠮ᠎ᠠ ᠶᠢ 100% ᠳᠤ ᠬᠦᠷᠭᠡᠵᠤ᠂ ᠨᠠᠰᠤᠲᠠᠶᠢᠴᠤᠳ ᠤᠨ ᠰᠠᠨᠠᠭᠠᠨ ᠳᠤ ᠥᠬᠡᠶ ᠨᠠᠰᠤ ᠪᠠᠷᠠᠬᠤ᠂ ᠵᠡᠮᠳᠡᠭ ᠪᠤᠯᠬᠤ | ᠪᠠ ᠰᠠᠨᠠᠭᠠᠨ ᠳᠤ ᠥᠬᠡᠶ ᠡᠮᠴᠢᠯᠡᠭᠡ ᠵᠡᠷᠭᠡ ᠲᠦᠭᠰᠢᠭᠦᠷᠢ ᠶᠢ ᠪᠦᠲᠦᠮᠵᠢᠲᠡᠶ ᠪᠠᠲᠤᠯᠠᠵᠤ᠂ ᠨᠠᠰᠤᠲᠠᠶᠢᠴᠤᠳ ᠤᠨ | ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠳᠤ ᠳᠠᠬᠢᠨ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃ |