| ᠠᠶᠤᠯᠲᠠᠶ ᠬᠢᠮᠢ ᠶᠢᠨ ᠪᠣᠳᠠᠰ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠪᠦᠲᠦᠮᠵᠢᠲᠡᠶ | ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠂ ᠠᠶᠤᠯᠲᠠᠶ | ᠬᠢᠮᠢ ᠶᠢᠨ ᠪᠣᠳᠠᠰ ᠤᠨ ᠬᠦᠷᠢᠶᠡᠨ ᠳᠠᠬᠢ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ | ᠤᠯᠠᠭᠠᠨᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ | ᠬᠦ ᠪᠠᠲᠤᠯᠠᠵᠤ ᠪᠤᠢ᠃ | | | | | | | ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠠᠶᠤᠯᠲᠠᠶ ᠬᠢᠮᠢ ᠶᠢᠨ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠳ ᠬᠠᠷᠢᠶ᠎ᠠ ᠣᠷᠣᠨ ᠤ | ᠪᠠᠨ ᠠᠶᠤᠯᠲᠠᠶ ᠬᠢᠮᠢ ᠶᠢᠨ ᠪᠣᠳᠠᠰ᠂ ᠲᠣᠰᠣ ᠨᠡᠮᠡᠬᠦ ᠥᠷᠲᠡᠭᠡ᠂ ᠬᠤᠸᠠᠷ ᠫᠤᠤᠵᠢᠩ ᠡᠵᠡᠩᠨᠡᠵᠤ ᠪᠠᠶᠢᠭ᠎ᠠ ᠵᠡᠷᠭᠡ ᠠᠵᠤ | ᠠᠬᠤᠶᠢᠯᠠᠯ ᠢᠶᠠᠷ ᠦᠷᠭᠦᠯᠵᠢᠯᠡᠨ ᠭᠦᠨᠵᠡᠭᠡᠶᠢᠷᠡᠵᠦ᠂ ᠲᠣᠰᠣ ᠨᠡᠮᠡᠬᠦ ᠲᠣᠭᠤᠷᠢᠭ᠂ ᠪᠣᠷᠣᠯᠠᠭᠤᠯᠭ᠎ᠠ ᠶᠢᠨ ᠲᠠᠯᠠᠪᠤᠷ᠂ | ᠴᠠᠬᠢᠯᠭᠠᠨ ᠲᠦᠭᠡᠭᠡᠬᠦ ᠲᠠᠰᠤᠭ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠣᠷᠣᠨ ᠵᠡᠷᠭᠡ | ᠭᠤᠤᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠦᠵᠡᠪᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠭᠰᠡᠨ ᠡᠰᠡᠬᠦ᠂ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ | ᠪᠣᠯᠤᠨ ᠠᠵᠢᠯᠯᠠᠬᠤ ᠲᠦᠷᠢᠮ ᠢ ᠵᠢᠷᠤᠮᠯᠠᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠭᠰᠠᠨ ᠪᠥᠭᠡᠳ ᠬᠤᠯᠪᠣᠭᠳᠠᠯ | ᠪᠦᠬᠦᠢ ᠬᠠᠷᠢᠭᠤᠴᠠᠯᠭᠠᠲᠠᠨ ᠳᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ | ᠠᠵᠤ ᠠᠬᠤᠶᠢᠯᠠᠯ ᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠭᠡᠮ ᠰᠣᠭᠤᠭ ᠢ | ᠴᠠᠭ ᠲᠤᠬᠠᠢ ᠳᠤᠨᠢ ᠠᠷᠢᠯᠭᠠᠬᠤ ᠶᠢ ᠪᠠᠲᠤᠯᠠᠵᠤ᠂ ᠪᠠᠭ᠎ᠠ ᠭᠡᠮ ᠰᠣᠭᠤᠭ ᠠᠴᠠ ᠪᠣᠯᠤᠭᠰᠠᠨ ᠶᠡᠭᠡ ᠡ᠊ᠨᠳᠡᠯ ᠢ ᠡᠷᠡᠰ | ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ | | | | | | | ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠲᠣᠰ ᠤᠳᠠᠭ᠎ᠠ ᠪᠥᠬᠦ ᠬᠤᠲᠠ ᠶᠢᠨ 38 ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠢ | ᠪᠠᠶᠢᠴᠠᠭᠠᠵᠤ᠂ ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠳᠣᠬᠢ ᠪᠠᠶᠢᠳᠠᠯ ᠢ | ᠭᠦᠨᠵᠡᠭᠡᠶ ᠣᠶᠢᠯᠠᠭᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠤᠨ ᠠᠰᠠᠭᠤᠳᠠᠯ ᠢ ᠨᠢᠭᠡᠳ ᠨᠢᠭᠡ ᠪᠠᠷ ᠵᠢᠭᠰᠠᠭᠠᠨ | ᠪᠠᠶᠢᠴᠠᠭᠠᠪᠠ᠃ |