| ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢᠶᠠᠨ ᠥᠷᠭᠡᠳᠬᠡᠵᠦ᠂ | ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠰᠢᠷᠢᠰ ᠠᠵᠢᠯᠯᠠᠭ᠎ᠠ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ | | | | | ᠠᠮᠤᠷ ᠲᠦᠪᠰᠢᠨ ᠪᠣᠯᠪᠠᠰᠤᠨ ᠢᠶᠠᠷ ᠭᠠᠳᠠᠭᠰᠢ ᠭᠠᠷᠬᠤ ᠶᠢ ᠰᠠᠨᠠᠭᠤᠯᠤᠨ᠎ᠠ᠃ ᠪᠦᠬᠦ ᠠᠷᠠᠳ ᠢᠶᠠᠷ ᠢᠶᠠᠨ ᠵᠠᠮ | ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ | ᠲᠥᠯᠥᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠠᠷᠢᠶ᠎ᠠ ᠣᠷᠣᠨ ᠳᠠᠭᠠᠨ ︽ᠢᠯᠡ | ᠳᠡᠯᠭᠡᠴᠡ ᠶᠢᠨ ᠠᠵᠢᠯᠯᠠᠭ᠎ᠠ︾ ᠥᠷᠨᠢᠭᠦᠯᠪᠡ᠃ ᠴᠠᠭᠳᠠᠭᠠᠨ ᠤ ᠶᠠᠪᠤᠳᠠᠯ ᠤᠨ ᠥᠷᠲᠡᠭᠡ ᠵᠢᠴᠢ ᠡᠯ᠎ᠡ ᠲᠣᠮᠣ ᠣᠯᠠᠨ | ᠨᠡᠶᠢᠲᠡ ᠶᠢᠨ ᠲᠠᠯᠠᠪᠤᠷ ᠤᠨ ᠡᠯᠧᠺᠲᠷᠤᠨ ᠳᠡᠯᠭᠡᠴᠡ ᠪᠠᠷ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠵᠠᠷᠯᠠᠯ ᠵᠢᠴᠢ ᠤᠬᠠᠭᠤᠯᠭ᠎ᠠ ᠶᠢᠨ ᠤᠷᠢᠶ᠎ᠠ ᠶᠢ ᠲᠠᠰᠤᠷᠠᠯᠲᠠ ᠥᠬᠡᠶ ᠦᠷᠭᠦᠯᠵᠢᠯᠡᠨ ᠨᠡᠪᠲᠡᠷᠡᠭᠦᠯᠵᠦ᠂ | ᠥᠷᠭᠡᠨ ᠣᠯᠠᠨ ᠲᠦᠮᠡᠨ ᠳᠤ ︽ᠠᠮᠤᠷ ᠲᠦᠪᠰᠢᠨ ᠤ ᠬᠥᠪᠴᠢ︾ ᠪᠠᠨ ᠴᠠᠭ ᠢᠮᠠᠭᠲᠠ ᠴᠢᠩᠭᠠᠯᠠᠵᠤ᠂ ᠠᠮᠤᠷ | ᠲᠦᠪᠰᠢᠨ ᠪᠣᠯᠪᠠᠰᠤᠨ ᠢᠶᠠᠷ ᠭᠠᠳᠠᠭᠰᠢ ᠭᠠᠷᠬᠤ ᠶᠢ ᠰᠠᠨᠠᠭᠤᠯᠤᠨ᠎ᠠ᠃ | | | | | | | ᠰᠤᠷᠤᠭᠴᠢᠳ ᠤᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ | ᠪᠣᠯᠪᠠᠰᠤᠨ ᠢᠶᠠᠷ ᠶᠠᠪᠤᠵᠤ ᠰᠠᠭᠤᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠪᠠᠷ | ᠭᠦᠨᠵᠡᠭᠡᠶᠢᠷᠡᠨ᠂ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠲᠠᠶᠢᠯᠤᠮᠵᠢ | ᠬᠢᠪᠡ᠃ ᠡᠯ᠎ᠡ ᠵᠦᠢᠯ ᠤᠨ ᠵᠠᠮ ᠬᠠᠷᠢᠯᠴᠠᠭᠠᠨ ᠤ ᠵᠢᠭᠠᠯᠲᠠ ᠶᠢᠨ ᠳ᠋ᠧᠩ᠂ ᠵᠠᠮ ᠬᠠᠷᠢᠯᠴᠠᠭᠠᠨ ᠤ ᠲᠡᠮᠳᠡᠭ ᠪᠠ | ᠵᠢᠷᠤᠭᠠᠰᠤ ᠶᠢᠨ ᠠᠳᠠᠯᠢ ᠪᠤᠰᠤ ᠠᠭᠤᠯᠭ᠎ᠠ᠂ ᠵᠠᠮ ᠭᠡᠳᠤᠯᠬᠦ ᠳᠤ ᠵᠢᠷᠤᠮᠯᠠᠬᠤ ᠶᠤᠰᠤᠳᠠᠢ ᠵᠠᠮ ᠬᠠᠷᠢᠯᠴᠠᠭᠠᠨ ᠤ | ᠳᠦᠷᠢᠮ ᠵᠢᠴᠢ ᠨᠡᠶᠢᠲᠡ ᠶᠢᠨ ᠮᠠᠰᠢᠨ ᠲᠡᠷᠭᠡ᠂ ᠮᠠᠰᠢᠨ ᠲᠡᠷᠭᠡᠨ ᠳᠤ ᠬᠡᠷᠬᠢᠨ ᠰᠠᠭᠤᠬᠤ ᠵᠡᠷᠭᠡ ᠬᠠᠮᠢᠶ᠎ᠠ ᠪᠦᠬᠦᠢ | ᠮᠡᠳᠡᠯᠭᠡ ᠶᠢᠨ ᠲᠠᠶᠢᠯᠤᠮᠵᠢ ᠬᠢᠪᠡ᠃ ᠰᠤᠷᠤᠭᠴᠢᠳ ᠢ ᠲᠠᠶᠢᠴᠢᠯᠡᠨ ᠵᠢᠯᠤᠭᠤᠳᠴᠤ ᠪᠠᠶᠢᠭᠠᠳ ᠬᠠᠷᠠᠬᠠᠨ | ᠪᠠᠭ᠎ᠠ ᠠᠴᠠ ᠪᠠᠨ ᠵᠠᠮ ᠬᠠᠷᠢᠯᠴᠠᠭᠠᠨ ᠤ ᠲᠤᠭᠳᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠵᠠᠮ ᠬᠠᠷᠢᠯᠴᠠᠭᠠᠨ ᠤ | ᠮᠠᠭᠤ ᠳᠠᠳᠬᠠᠯ ᠢ ᠲᠠᠶᠠᠭᠳᠠᠵᠤ᠂ ᠪᠣᠯᠪᠠᠰᠤᠨ ᠵᠠᠮ ᠬᠠᠷᠢᠯᠴᠠᠭ᠎ᠠ ᠳᠤ ᠬᠠᠮᠲᠤ ᠪᠠᠷ ᠤᠷᠤᠯᠴᠠᠭᠤᠯᠵᠤ ᠪᠤᠢ᠃ | | | | | | | ᠠᠵᠤ ᠠᠬᠤᠶᠢᠯᠠᠯ ᠤᠨ ᠠᠮᠤᠷ ᠲᠦᠪᠰᠢᠨ ᠤ ᠬᠠᠰᠢᠯᠭ᠎ᠠ ᠶᠢ ᠪᠠᠲᠤ ᠴᠣᠭᠴᠠᠯᠠᠨ᠎ᠠ᠃ ᠠᠵᠤ ᠠᠬᠤᠶᠢᠯᠠᠯ ᠵᠢᠴᠢ | ᠭᠤᠤᠯᠳᠠᠯᠭ᠎ᠠ ᠲᠠᠢ ᠲᠡᠷᠭᠡ ᠬᠥᠰᠬᠡ ᠶᠢᠨ ᠡᠬᠢ ᠡᠭᠦᠰᠦᠯ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠠᠮᠤᠷ | ᠲᠦᠪᠰᠢᠨ ᠤ ᠳᠠᠯᠳᠠ ᠬᠡᠮ ᠢ ᠠᠷᠢᠯᠭᠠᠬᠤ ᠶᠢᠨ ᠲᠥᠯᠥᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠨᠢᠭᠡᠳᠤᠮᠠᠯ ᠬᠤᠯᠪᠤᠭ᠎ᠠ ᠺᠣᠮᠫᠠᠨᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠺᠣᠮᠫᠠᠨᠢ ᠪᠠᠷ ᠭᠦᠨᠵᠡᠭᠡᠶᠢᠷᠡᠵᠦ᠂ ᠪᠦᠬᠦ | ᠲᠤᠰᠬᠠᠶ ᠲᠤᠰᠢᠶᠠᠯᠲᠤ ᠵᠢᠯᠣᠭᠤᠴᠢ ᠳᠤ ᠵᠠᠮ ᠬᠠᠷᠢᠯᠴᠠᠭᠠᠨ ᠤ ᠡ᠊ᠨᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠶ | ᠰᠡᠳᠦᠪᠲᠦ ᠪᠣᠯᠪᠠᠰᠤᠷᠠᠯ ᠬᠦᠷᠳᠡᠭᠡᠪᠡ᠃ ᠰᠣᠭᠲᠣᠭᠤ ᠪᠠᠷ ᠲᠡᠷᠭᠡ ᠵᠢᠯᠣᠭᠤᠳᠤᠭᠰᠠᠨ ᠵᠠᠮ ᠬᠠᠷᠢᠯᠴᠠᠭᠠᠨ ᠤ | ᠡ᠊ᠨᠳᠡᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠣᠭᠲᠣᠭᠤ ᠪᠠᠷ ᠲᠡᠷᠭᠡ ᠵᠢᠯᠣᠭᠤᠳᠤᠭᠰᠠᠨ ᠢ ᠮᠠᠭᠠᠳᠯᠠᠨ | ᠲᠣᠭᠲᠠᠭᠠᠬᠤ ᠵᠢᠴᠢ ᠰᠢᠳᠬᠡᠨ ᠲᠣᠷᠭᠠᠬᠤ ᠪᠠᠷᠢᠮᠵᠢᠶ᠎ᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠲᠡᠷᠭᠡ | ᠵᠢᠯᠣᠭᠤᠳᠬᠤ ᠳᠤ ᠠᠮᠤᠷ ᠲᠦᠪᠰᠢᠨ ᠤ ᠠᠩᠬᠠᠷᠬᠤ ᠵᠦᠢᠯᠡᠰ᠂ ᠵᠠᠮ ᠬᠠᠷᠢᠯᠴᠠᠭᠠᠨ ᠤ ᠡ᠊ᠨᠳᠡᠯ ᠣᠯᠠᠨ ᠭᠠᠷᠳᠠᠭ | ᠰᠢᠯᠲᠠᠭᠠᠨ᠂ ᠮᠠᠭᠤ ᠴᠠᠭ ᠠᠭᠤᠷ ᠢᠶᠠᠷ ᠲᠡᠷᠭᠡ ᠵᠢᠯᠣᠭᠤᠳᠬᠤ ᠳᠤ ᠡᠷᠬᠡᠪᠰᠢ ᠮᠡᠳᠡᠬᠦ ᠵᠡᠷᠭᠡ ᠵᠠᠮ ᠬᠠᠷᠢᠯᠴᠠᠭᠠᠨ ᠤ | ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠵᠦ᠂ ᠵᠢᠯᠣᠭᠤᠴᠢ ᠶᠢ ᠠᠵᠢᠯ ᠪᠠ ᠠᠮᠢᠳᠤᠷᠠᠯ ᠤᠨ ᠳᠤᠮᠳᠠ ᠪᠠᠨ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ | ᠰᠤᠷᠤᠯᠴᠠᠨ ᠵᠢᠷᠤᠮᠯᠠᠵᠤ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ᠂ ᠬᠤᠷᠳᠤᠴᠠ ᠠᠴᠠ | ᠬᠡᠲᠦᠷᠡᠭᠦᠯᠦᠨ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠥᠪᠡᠷ ᠤᠨ ᠪᠠ ᠪᠤᠰᠤᠳ ᠤᠨ ᠶᠠᠪᠤᠵᠤ ᠰᠠᠭᠤᠬᠤ ᠠᠮᠤᠷ ᠲᠦᠪᠰᠢᠨ ᠢ | ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | | | | | | ᠬᠥᠳᠡᠭᠡ ᠲᠣᠰᠬᠤᠨ ᠤ ᠠᠮᠤᠷ ᠲᠦᠪᠰᠢᠨ ᠢ ᠬᠠᠮᠠᠭᠠᠯᠠᠨ᠎ᠠ᠃ ᠬᠥᠳᠡᠭᠡ ᠲᠣᠰᠬᠤᠨ ᠤ ᠭᠠᠵᠠᠷ ᠣᠷᠣᠨ ᠤ | ᠭᠤᠤᠯᠳᠠᠯᠭ᠎ᠠ ᠲᠠᠢ ᠬᠥᠮᠦᠰ ᠪᠠ ᠵᠠᠮ ᠤᠨ ᠬᠡᠰᠡᠭ ᠲᠤ ᠴᠢᠭᠯᠡᠭᠦᠯᠦᠨ᠂ ᠤᠬᠠᠭᠤᠯᠭ᠎ᠠ ᠬᠥᠮᠦᠵᠢᠯ ᠤᠨ ᠠᠷᠠᠳ ᠤᠨ | ᠴᠠᠭᠳᠠᠭ᠎ᠠ ᠬᠠᠷᠢᠶ᠎ᠠ ᠣᠷᠣᠨ ᠤ ᠪᠠᠨ ᠬᠥᠳᠡᠭᠡ ᠲᠣᠰᠬᠤᠨ ᠢᠶᠠᠷ ᠭᠦᠨᠵᠡᠭᠡᠶᠢᠷᠡᠨ᠂ ᠣᠯᠠᠨ ᠲᠦᠮᠡᠨ ᠳᠤ ᠲᠤᠭ᠎ᠠ ᠠᠴᠠ | ᠬᠡᠳᠤᠷᠡᠳᠡᠯ᠎ᠡ ᠬᠦᠮᠤᠨ ᠠᠴᠢᠶᠠᠯᠠᠭᠰᠠᠨ ᠲᠡᠷᠭᠡ᠂ ᠲᠠᠷᠢᠶᠠᠯᠠᠩ ᠳᠤ ᠬᠡᠷᠡᠭᠯᠡᠬᠦ ᠮᠠᠰᠢᠨ ᠲᠡᠷᠭᠡᠨ ᠳᠤ ᠰᠠᠭᠤᠬᠤ ᠦᠭᠡᠢ | ᠪᠠᠶᠢᠬᠤ ᠶᠢ ᠰᠠᠨᠠᠭᠤᠯᠵᠤ᠂ ᠬᠥᠳᠡᠭᠡ ᠲᠣᠰᠬᠤᠨ ᠤ ᠰᠠᠯᠠᠭ᠎ᠠ ᠵᠠᠮ ᠤᠨ ᠠᠭᠤᠯᠵᠠᠷ ᠢᠶᠠᠷ ᠣᠷᠣᠵᠤ ᠭᠠᠷᠬᠤ ᠳᠤ | ᠡᠷᠬᠡᠪᠰᠢ ᠬᠤᠷᠳᠤᠴᠠ ᠪᠠᠨ ᠪᠠᠭᠠᠰᠬᠠᠵᠤ ᠨᠠᠰᠢ ᠴᠠᠰᠢ ᠠᠵᠢᠭᠯᠠᠬᠤ ᠶᠢ ᠠᠩᠬᠠᠷᠴᠤ᠂ ᠠᠮᠤᠷ ᠲᠦᠪᠰᠢᠨ ᠢ | ᠪᠠᠳᠤᠯᠠᠭᠰᠠᠨ ᠤ ᠳᠠᠷᠠᠭ᠎ᠠ ᠰᠠᠶ᠋ᠢ ᠵᠠᠮ ᠢ ᠬᠡᠳᠤᠯᠬᠦ ᠬᠡᠷᠡᠭᠳᠡᠢ ᠭᠡᠵᠠᠢ᠃ ᠭᠠᠴᠠᠭ᠎ᠠ ᠲᠣᠰᠬᠤᠨ ᠤ ᠠᠷᠠᠳ ᠢ ᠢᠳᠬᠠᠨ | ᠭᠠᠳᠠᠭᠰᠢ ᠭᠠᠷᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠴᠤ᠂ ᠤᠬᠠᠮᠰᠠᠷ ᠠᠴᠠ ᠪᠠᠨ ᠬᠠᠤᠯᠢ | ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠰᠣᠭᠲᠣᠭᠤ ᠪᠠᠷ ᠲᠡᠷᠭᠡ ᠵᠢᠯᠣᠭᠤᠳᠬᠤ᠂ ᠲᠠᠷᠢᠶᠠᠯᠠᠩ ᠳᠤ ᠬᠡᠷᠡᠭᠯᠡᠬᠦ | ᠲᠡᠷᠭᠡ ᠬᠥᠮᠦᠨ ᠲᠡᠭᠡᠭᠡᠪᠦᠷᠢᠯᠡᠬᠦ᠂ ᠶᠠᠪᠠᠭᠠᠨ ᠬᠥᠮᠦᠨ ᠵᠠᠮ ᠭᠡᠳᠤᠯᠬᠦ᠂ ᠴᠠᠬᠢᠯᠭᠠᠨ ᠬᠥᠳᠡᠯᠭᠡᠭᠦᠷᠲᠦ | ᠲᠡᠷᠭᠡ ᠵᠢᠯᠣᠭᠤᠳᠴᠤ ᠪᠠᠶᠢᠭᠠᠳ ᠳᠤᠭᠤᠯᠠᠭ᠎ᠠ ᠵᠡᠭᠦᠬᠦ ᠥᠬᠡᠶ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠦᠨᠡᠨ ᠬᠦ ᠪᠠᠲᠤᠯᠠᠬᠤ | ᠬᠡᠷᠡᠭᠲᠡᠶ ᠭᠡᠵᠠᠢ᠃ | ᠵᠠᠮ ᠬᠠᠷᠢᠯᠴᠠᠭᠠᠨ ᠤ ᠠᠮᠤᠷ ᠲᠦᠪᠰᠢᠨ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ᠂ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠳᠡᠭᠡᠭᠰᠢᠯᠡᠭᠦᠯᠪᠡ᠃ | ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠵᠠᠮ ᠬᠠᠷᠢᠯᠴᠠᠭᠠᠨ ᠤ ᠣᠷᠣᠯᠴᠠᠭᠴᠢ ᠨᠢᠭᠡᠪᠦᠷᠢ ᠬᠠᠮᠲᠤ ᠪᠠᠷ | ᠴᠢᠷᠮᠠᠶᠢᠵᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠨᠠᠷ ᠣᠯᠠᠨ ᠲᠠᠢ ᠭᠠᠷ ᠬᠤᠯᠪᠣᠨ | ᠬᠠᠮᠲᠤ ᠪᠠᠷ ᠤᠷᠤᠭᠰᠢᠯᠠᠵᠤ᠂ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠳᠤᠯᠠᠨ᠎ᠠ︕ |