| 12 ᠰᠠᠷ᠎ᠠ ᠶᠢᠨ 15 ᠤ ᠡᠳᠦᠷ᠂ 2024 ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ | ᠴᠠᠰᠤᠨ ᠤ ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ ᠤ | ᠪᠠᠶᠠᠨᠴᠠᠭᠠᠨ ᠠᠭᠤᠯᠠ ᠶᠢᠨ ᠴᠠᠰᠤᠨ ᠳᠤ ᠭᠤᠯᠭᠤᠬᠤ ᠤᠷᠢᠯᠭ᠎ᠠ ᠶᠢᠨ ᠤᠷᠤᠯᠳᠤᠭᠠᠨ ᠮᠥᠩᠭᠦᠨ ᠴᠠᠭᠠᠨ ᠠᠭᠤᠯᠠ ᠶᠢᠨ | ᠦᠵᠡᠮᠵᠢ ᠶᠢᠨ ᠣᠷᠣᠨ ᠳᠤ ᠶᠠᠪᠤᠭᠳᠠᠪᠠ᠃ ᠶᠠᠩ ᠵᠢᠢ ᠫᠧᠩ᠂ ᠰᠦᠨ ᠱᠦ ᠲᠤᠤ᠂ ᠮᠠ ᠮᠧᠩ᠂ ᠯᠢ ᠱᠢ ᠬᠠᠢ᠂ | ᠭᠧᠩ ᠴᠧᠩ ᠵᠡᠷᠭᠡ ᠠᠶᠢᠮᠠᠭ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠲᠤᠰ ᠤᠳᠠᠭᠠᠨ ᠤ ᠶᠣᠰᠣᠯᠠᠯ ᠳᠤ ᠣᠷᠣᠯᠴᠠᠪᠠ᠃ | | | | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠩᠭᠡ ᠢᠯᠭᠠᠷᠠᠮ᠎ᠠ ᠬᠤᠸᠠᠷ ᠫᠤᠤᠵᠢᠩ ᠣᠭᠲᠠᠷᠭᠤᠶ ᠳᠤ ᠳᠡᠯᠭᠡᠷᠡᠵᠦ᠂ | ᠭᠤᠶᠢᠳᠠ ᠰᠠᠶᠢᠬᠠᠨ ᠠᠷᠠᠳ ᠤᠨ ᠵᠠᠩ ᠦᠢᠯᠡ ᠶᠢᠨ ᠲᠣᠭᠯᠠᠯᠲᠠ ᠨᠢ ᠣᠲᠣ ᠦᠶ᠎ᠡ ᠶᠢᠨ ᠳᠠᠭᠤᠤ ᠪᠥᠵᠢᠭ ᠲᠠᠢ | ᠠᠭᠤᠰᠤᠯᠴᠠᠵᠤ᠂ ᠤᠯᠠᠭᠠᠨᠬᠤᠲᠠ ᠶᠢᠨ ᠥᠪᠡᠷᠮᠢᠴᠡ ᠣᠨᠴᠠᠯᠢᠭ ᠪᠥᠬᠦᠶ ᠮᠥᠰᠥ ᠴᠠᠰᠤᠨ ᠤ ᠰᠣᠶᠣᠯ ᠪᠠ | ᠬᠤᠲᠠ ᠶᠢᠨ ᠷᠢᠳᠢ ᠰᠢᠳᠢ ᠶᠢ ᠢᠯᠡᠷᠡᠭᠦᠯᠪᠡ᠃ ᠠᠵᠢᠯᠯᠠᠭ᠎ᠠ ᠶᠢᠨ ᠳᠤᠮᠳᠠ᠂ ᠠᠶᠢᠮᠠᠭ ᠬᠤᠲᠠ ᠶᠢᠨ ᠤᠳᠤᠷᠢᠳᠤᠯᠭ᠎ᠠ | ᠨᠠᠷ ᠮᠥᠰᠥ ᠴᠠᠰᠤᠨ ᠤ ᠴᠡᠩᠭᠡᠯ ᠤᠨ ᠬᠦᠷᠢᠶᠡᠯᠡᠩ᠂ ᠮᠥᠰᠥ ᠴᠠᠰᠤᠨ ᠤ ᠬᠤᠲᠠ ᠪᠠ ᠴᠠᠰᠤᠨ ᠤ ᠬᠡᠷᠡᠭᠰᠡᠯ ᠤᠨ ᠶᠡᠭᠡ | ᠲᠢᠩᠬᠢᠮ ᠢ ᠲᠣᠭᠤᠷᠢᠨ ᠦᠵᠡᠵᠦ᠂ ᠴᠠᠰᠤᠨ ᠳᠤ ᠭᠤᠯᠭᠤᠬᠤ ᠲᠠᠯᠠᠪᠠᠶ ᠶᠢᠨ ᠪᠦᠬᠦᠯᠢ ᠴᠣᠭᠴᠠ ᠶᠢᠨ ᠪᠥᠲᠥᠭᠡᠨ | ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢ ᠰᠣᠨᠣᠰᠤᠭᠰᠠᠨ ᠪᠥᠭᠡᠳ ᠴᠠᠰᠤᠨ ᠬᠡᠷᠡᠭᠰᠡᠯ ᠤᠨ ᠶᠡᠭᠡ | ᠲᠢᠩᠬᠢᠮ ᠤᠨ ᠬᠤᠶᠠᠳᠤᠭᠠᠷ ᠳᠠᠪᠬᠤᠷᠯᠢᠭ ᠲᠤ ᠠᠩᠬᠠᠳᠤᠭᠠᠷ ᠬᠤᠭᠤᠴᠠᠭᠠᠨ ᠤ ᠪᠠᠶᠠᠨᠴᠠᠭᠠᠨ ᠠᠭᠤᠯᠠ ᠶᠢᠨ | ᠤᠷᠢᠯᠭ᠎ᠠ ᠶᠢᠨ ᠤᠷᠤᠯᠳᠤᠭᠠᠨ ᠳᠤ ᠬᠠᠷᠠᠩᠭ᠎ᠠ ᠲᠡᠯᠡᠳᠴᠤ ᠪᠦᠷᠢᠶ᠎ᠡ ᠳᠤᠤᠭᠠᠷᠭᠠᠪᠠ᠃ | | | | | | | | | | ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ | ᠬᠤᠷᠢᠶ᠎ᠠ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ | ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠠᠭᠠᠨᠬᠤᠲᠠ ᠶᠢᠨ ᠼᠠᠢ ᠰᠢᠨ | ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ | ᠳᠠᠭᠠᠭᠠᠴᠢᠯᠠᠨ ᠡᠷᠭᠢᠯᠡᠵᠦ᠂ ᠥᠷᠭᠡᠨ ᠣᠯᠠᠨ ᠬᠤᠲᠠ ᠶᠢᠨ ᠠᠷᠠᠳ᠂ ᠵᠢᠭᠤᠯᠴᠢᠯᠠᠭᠰᠠᠳ ᠤᠨ ᠮᠥᠰᠥ ᠴᠠᠰᠤᠨ | ᠲᠡᠭᠡᠷ᠎ᠡ ᠨᠠᠭᠠᠳᠬᠤ᠂ ᠲᠠᠮᠢᠷ ᠤᠨ ᠬᠥᠳᠡᠯᠭᠡᠭᠡᠨ ᠢ ᠡᠳ᠋ᠯᠡᠬᠦ ᠲᠠᠪᠴᠠᠩ ᠬᠠᠩᠭᠠᠵᠤ᠂ ᠲᠠᠯ᠎ᠠ ᠨᠤᠲᠤᠭ ᠤᠨ | ᠤᠯᠠᠭᠠᠠᠬᠤᠲᠠ ᠶᠢᠨ ᠳᠦᠷᠢ ᠲᠥᠷᠬᠦ ᠬᠢᠭᠡᠳ ᠮᠥᠰᠥ ᠴᠠᠰᠤᠨ ᠤ ᠰᠣᠶᠣᠯ ᠤᠨ ᠷᠢᠳᠢ ᠰᠢᠳᠢ ᠶᠢ ᠪᠥᠬᠦ ᠲᠠᠯ᠎ᠠ ᠪᠠᠷ | ᠳᠡᠯᠭᠡᠨ ᠦᠵᠡᠭᠦᠯᠬᠦ ᠪᠠᠷ ᠵᠤᠷᠢᠯᠭ᠎ᠠ ᠪᠠᠨ ᠪᠤᠯᠭᠠᠵᠠᠢ᠃ |