2024 ᠣᠨ ᠤ ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ ᠤ ᠪᠠᠶᠠᠨᠴᠠᠭᠠᠨ ᠠᠭᠤᠯᠠ ᠶᠢᠨ ᠴᠠᠰᠤᠨ ᠳᠤ ᠭᠤᠯᠭᠤᠬᠤ ᠤᠷᠢᠯᠭ᠎ᠠ ᠶᠢᠨ ᠤᠷᠤᠯᠳᠤᠭᠠᠨ ᠪᠠᠶᠠᠨᠴᠠᠭᠠᠨ ᠠᠭᠤᠯᠠ ᠶᠢᠨ ᠦᠵᠡᠮᠵᠢ ᠶᠢᠨ ᠣᠷᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/12/16
 12 ᠰᠠᠷ᠎ᠠ ᠶᠢᠨ 15 ᠤ ᠡᠳᠦᠷ᠂ 2024 ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ ᠤ ᠪᠠᠶᠠᠨᠴᠠᠭᠠᠨ ᠠᠭᠤᠯᠠ ᠶᠢᠨ ᠴᠠᠰᠤᠨ ᠳᠤ ᠭᠤᠯᠭᠤᠬᠤ ᠤᠷᠢᠯᠭ᠎ᠠ ᠶᠢᠨ ᠤᠷᠤᠯᠳᠤᠭᠠᠨ ᠮᠥᠩᠭᠦᠨ ᠴᠠᠭᠠᠨ ᠠᠭᠤᠯᠠ ᠶᠢᠨ ᠦᠵᠡᠮᠵᠢ ᠶᠢᠨ ᠣᠷᠣᠨ ᠳᠤ ᠶᠠᠪᠤᠭᠳᠠᠪᠠ᠃ ᠶᠠᠩ ᠵᠢᠢ ᠫᠧᠩ᠂ ᠰᠦᠨ ᠱᠦ ᠲᠤᠤ᠂ ᠮᠠ ᠮᠧᠩ᠂ ᠯᠢ ᠱᠢ ᠬᠠᠢ᠂ ᠭᠧᠩ ᠴᠧᠩ ᠵᠡᠷᠭᠡ ᠠᠶᠢᠮᠠᠭ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠤᠳᠠᠭᠠᠨ ᠤ ᠶᠣᠰᠣᠯᠠᠯ ᠳᠤ ᠣᠷᠣᠯᠴᠠᠪᠠ᠃  
55.jpg
11.jpg
     ᠡᠬᠢᠯᠡᠯᠲᠡ ᠶᠢᠨ ᠶᠣᠰᠣᠯᠠᠯ ᠳᠡᠭᠡᠷ᠎ᠡ᠂ ᠥᠩᠭᠡ ᠢᠯᠭᠠᠷᠠᠮ᠎ᠠ ᠬᠤᠸᠠᠷ ᠫᠤᠤᠵᠢᠩ ᠣᠭᠲᠠᠷᠭᠤᠶ ᠳᠤ ᠳᠡᠯᠭᠡᠷᠡᠵᠦ᠂ ᠭᠤᠶᠢᠳᠠ ᠰᠠᠶᠢᠬᠠᠨ ᠠᠷᠠᠳ ᠤᠨ ᠵᠠᠩ ᠦᠢᠯᠡ ᠶᠢᠨ ᠲᠣᠭᠯᠠᠯᠲᠠ ᠨᠢ ᠣᠲᠣ ᠦᠶ᠎ᠡ ᠶᠢᠨ ᠳᠠᠭᠤᠤ ᠪᠥᠵᠢᠭ ᠲᠠᠢ ᠠᠭᠤᠰᠤᠯᠴᠠᠵᠤ᠂ ᠤᠯᠠᠭᠠᠨᠬᠤᠲᠠ ᠶᠢᠨ ᠥᠪᠡᠷᠮᠢᠴᠡ ᠣᠨᠴᠠᠯᠢᠭ ᠪᠥᠬᠦᠶ ᠮᠥᠰᠥ ᠴᠠᠰᠤᠨ ᠤ ᠰᠣᠶᠣᠯ ᠪᠠ ᠬᠤᠲᠠ ᠶᠢᠨ ᠷᠢᠳᠢ ᠰᠢᠳᠢ ᠶᠢ ᠢᠯᠡᠷᠡᠭᠦᠯᠪᠡ᠃ ᠠᠵᠢᠯᠯᠠᠭ᠎ᠠ ᠶᠢᠨ ᠳᠤᠮᠳᠠ᠂ ᠠᠶᠢᠮᠠᠭ ᠬᠤᠲᠠ ᠶᠢᠨ ᠤᠳᠤᠷᠢᠳᠤᠯᠭ᠎ᠠ ᠨᠠᠷ ᠮᠥᠰᠥ ᠴᠠᠰᠤᠨ ᠤ ᠴᠡᠩᠭᠡᠯ ᠤᠨ ᠬᠦᠷᠢᠶᠡᠯᠡᠩ᠂ ᠮᠥᠰᠥ ᠴᠠᠰᠤᠨ ᠤ ᠬᠤᠲᠠ ᠪᠠ ᠴᠠᠰᠤᠨ ᠤ ᠬᠡᠷᠡᠭᠰᠡᠯ ᠤᠨ ᠶᠡᠭᠡ ᠲᠢᠩᠬᠢᠮ ᠢ ᠲᠣᠭᠤᠷᠢᠨ ᠦᠵᠡᠵᠦ᠂ ᠴᠠᠰᠤᠨ ᠳᠤ ᠭᠤᠯᠭᠤᠬᠤ ᠲᠠᠯᠠᠪᠠᠶ ᠶᠢᠨ ᠪᠦᠬᠦᠯᠢ ᠴᠣᠭᠴᠠ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢ ᠰᠣᠨᠣᠰᠤᠭᠰᠠᠨ ᠪᠥᠭᠡᠳ ᠴᠠᠰᠤᠨ ᠬᠡᠷᠡᠭᠰᠡᠯ ᠤᠨ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠲᠤ ᠠᠩᠬᠠᠳᠤᠭᠠᠷ ᠬᠤᠭᠤᠴᠠᠭᠠᠨ ᠤ ᠪᠠᠶᠠᠨᠴᠠᠭᠠᠨ ᠠᠭᠤᠯᠠ ᠶᠢᠨ  ᠤᠷᠢᠯᠭ᠎ᠠ ᠶᠢᠨ ᠤᠷᠤᠯᠳᠤᠭᠠᠨ ᠳᠤ ᠬᠠᠷᠠᠩᠭ᠎ᠠ ᠲᠡᠯᠡᠳᠴᠤ ᠪᠦᠷᠢᠶ᠎ᠡ ᠳᠤᠤᠭᠠᠷᠭᠠᠪᠠ᠃ 
22.jpg
44.jpg
33.jpg
     ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶ᠎ᠠ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠰᠣᠶᠣᠯ  ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠠᠭᠠᠨᠬᠤᠲᠠ ᠶᠢᠨ ᠼᠠᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠭᠢᠯᠡᠵᠦ᠂ ᠥᠷᠭᠡᠨ ᠣᠯᠠᠨ ᠬᠤᠲᠠ ᠶᠢᠨ ᠠᠷᠠᠳ᠂ ᠵᠢᠭᠤᠯᠴᠢᠯᠠᠭᠰᠠᠳ ᠤᠨ ᠮᠥᠰᠥ ᠴᠠᠰᠤᠨ ᠲᠡᠭᠡᠷ᠎ᠡ ᠨᠠᠭᠠᠳᠬᠤ᠂ ᠲᠠᠮᠢᠷ ᠤᠨ ᠬᠥᠳᠡᠯᠭᠡᠭᠡᠨ ᠢ ᠡᠳ᠋ᠯᠡᠬᠦ ᠲᠠᠪᠴᠠᠩ ᠬᠠᠩᠭᠠᠵᠤ᠂ ᠲᠠᠯ᠎ᠠ ᠨᠤᠲᠤᠭ ᠤᠨ ᠤᠯᠠᠭᠠᠠᠬᠤᠲᠠ ᠶᠢᠨ ᠳᠦᠷᠢ ᠲᠥᠷᠬᠦ ᠬᠢᠭᠡᠳ ᠮᠥᠰᠥ ᠴᠠᠰᠤᠨ ᠤ ᠰᠣᠶᠣᠯ ᠤᠨ ᠷᠢᠳᠢ ᠰᠢᠳᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠪᠠᠷ ᠵᠤᠷᠢᠯᠭ᠎ᠠ ᠪᠠᠨ ᠪᠤᠯᠭᠠᠵᠠᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号