| | | | | ᠤᠶᠢᠷ᠎ᠠ ᠳᠤ᠂ ᠤᠯᠠᠭᠠᠨᠬᠤᠲᠠ ᠶᠢᠨ ᠢᠳᠡᠭᠡᠨ ᠡᠳ᠋ᠰᠢᠬᠦᠯᠤᠨ ᠪᠣᠯᠪᠠᠰᠤᠷᠠᠭᠤᠯᠬᠤ ᠠᠵᠤ ᠠᠬᠤᠶᠢᠯᠠᠯ ᠤᠳ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ᠂ ᠦᠢᠯᠡᠳᠪᠦᠷᠢᠯᠡᠯ ᠢᠶᠠᠨ ᠪᠥᠬᠦ ᠬᠦᠴᠦᠨ ᠢᠶᠠᠷ ᠢᠶᠠᠨ | ᠠᠬᠢᠭᠤᠯᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠵᠠᠪᠳᠤᠨ᠂ ᠪᠥᠬᠦ ᠵᠢᠯ ᠤᠨ ᠬᠠᠷᠠᠯᠲᠠ ᠪᠠᠨ ᠪᠠᠶᠡᠯᠡᠬᠦᠯᠬᠦ ᠪᠠᠷ ᠪᠦᠬᠦ | ᠬᠦᠴᠤᠨ ᠢᠶᠠᠷ ᠢᠶᠠᠨ ᠴᠢᠷᠮᠠᠶᠢᠨ᠎ᠠ᠃ | | | | | | | ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠨᠢ ᠬᠢᠩᠭᠠᠨ ᠠᠶᠢᠮᠠᠭ ᠤᠨ | ᠨᠤᠲᠤᠭ ᠤᠨ ᠣᠨᠴᠠ ᠭᠠᠷᠤᠯᠲᠠ ᠶᠢᠨ ᠠᠯᠳᠠᠨ ᠦᠰᠦᠭᠲᠦ ᠫᠠᠶᠢᠰᠠ ᠪᠣᠯᠤᠭᠰᠠᠨ ᠤ ᠬᠤᠪᠢ ᠳᠤ᠂ ᠲᠤᠬᠠᠢ ᠶᠢᠨ | ᠭᠠᠵᠠᠷ ᠲᠤ ᠣᠨᠴᠠᠭᠠᠢ ᠪᠠᠶᠢᠳᠠᠭ ︽ᠣᠷᠭᠠᠨᠢᠭ᠂ ᠪᠣᠬᠢᠷᠲᠤᠯ ᠦᠭᠡᠢ᠂ ᠬᠤᠣᠷᠳᠠᠭᠳᠠᠯ ᠦᠭᠡᠢ︾ ᠲᠠᠷᠢᠶᠠᠯᠠᠩ ᠤᠨ | ᠪᠦᠲᠦᠭᠡᠭᠳᠡᠬᠦᠨ ᠢᠶᠠᠷ ᠲᠦᠭᠦᠬᠡᠢ ᠮᠠᠲ᠋ᠧᠷᠢᠶᠠᠯ ᠪᠣᠯᠭᠠᠵᠤ᠂ ᠥᠪᠡᠷᠮᠢᠴᠡ ᠦᠨᠦᠷ ᠠᠮᠲᠠ ᠲᠠᠢ᠂ ᠣᠷᠭᠠᠨᠢᠭ ᠵᠢᠶᠠᠩᠶ᠋ᠢᠤ | ᠵᠡᠷᠭᠡ ᠪᠦᠲᠦᠭᠡᠭᠳᠡᠬᠦᠨ ᠢ ᠨᠠᠷᠢᠨ ᠨᠢᠮᠪᠠᠢ ᠦᠢᠯᠡᠳᠴᠦ ᠭᠠᠷᠭᠠᠵᠠᠢ᠃ ᠡᠭᠦᠨ ᠤ ᠬᠠᠮᠲᠤ᠂ ᠪᠦ᠋ ᠯᠢᠤ ᠺᠧ᠂ ᠯᠤᠤᠪᠠᠩ᠂ | ᠥᠷᠭᠡᠰᠦᠲᠦ ᠬᠡᠮᠬᠡ ᠵᠡᠷᠭᠡ ᠲᠣᠰ ᠭᠠᠵᠠᠷ ᠤᠨ ᠢᠳᠡᠰᠢᠨ ᠨᠣᠭᠤᠭ᠎ᠠ ᠶᠢ ᠭᠦᠨᠵᠡᠭᠡᠶ ᠡᠳ᠋ᠰᠢᠬᠦᠯᠤᠨ ᠪᠣᠯᠪᠠᠰᠤᠷᠠᠭᠤᠯᠵᠤ᠂ | ᠣᠯᠠᠨ ᠵᠦᠢᠯ ᠤᠨ ᠠᠮᠳᠠᠳᠠᠢ ᠳᠠᠪᠤᠰᠤᠯᠠᠭᠰᠠᠨ ᠪᠦᠲᠦᠭᠡᠭᠳᠡᠬᠦᠨ ᠢ ᠨᠠᠷᠢᠨ ᠨᠢᠮᠪᠠᠶ ᠬᠢᠵᠦ ᠭᠠᠷᠭᠠᠵᠠᠢ᠃ | ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠤᠩᠬᠡᠢ ᠬᠡᠯᠲᠡᠰ ᠤᠨ | ᠳᠠᠭᠠᠭᠠᠮᠠᠯ ᠯᠢ ᠬᠠᠶ ᠵᠢᠩ᠄ ︽ᠡᠨᠡ ᠵᠢᠯ ᠤᠨ 1 —10 ᠰᠠᠷ᠎ᠠ ᠳᠤ᠂ ᠲᠤᠰ ᠺᠣᠮᠫᠠᠨᠢ 1.01 ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 1.32 ᠲᠦᠮᠡᠨ ᠲᠣᠨ ᠤ ᠶᠡᠷᠦᠩᠬᠡᠶ ᠭᠠᠷᠤᠯᠲᠠ ᠶᠢ | ᠪᠡᠶᠡᠯᠡᠭᠦᠯᠪᠡ᠃ ᠳᠥᠷᠪᠡᠳᠦᠭᠡᠷ ᠤᠯᠠᠷᠢᠯ ᠳᠤ ᠣᠷᠣᠭᠰᠠᠨ ᠠᠴᠠ ᠨᠠᠰᠢ᠂ ᠺᠣᠮᠫᠠᠨᠢ ᠠᠴᠠ ᠦᠢᠯᠡᠳᠪᠦᠷᠢᠯᠡᠯ ᠢᠶᠠᠨ | ᠲᠦᠷᠭᠡᠳᠭᠡᠵᠤ᠂ ᠣᠯᠠᠨ ᠦᠢᠯᠡᠳᠪᠦᠷᠢᠯᠡᠯ ᠤᠨ ᠱᠤᠭᠤᠮ ᠢ ᠵᠡᠷᠭᠡᠪᠡᠷ ᠡᠬᠢᠯᠡᠭᠦᠯᠵᠦ᠂ ᠪᠥᠬᠦ ᠬᠦᠴᠦᠨ ᠢᠶᠠᠷ ᠢᠶᠠᠨ | ᠠᠵᠢᠯᠯᠠᠵᠤ᠂ ᠵᠠᠷᠢᠮ ᠠᠵᠢᠯ ᠤᠨ ᠪᠠᠶᠢᠷᠢ ᠨᠢ 24 ᠴᠠᠭ ᠢᠶᠠᠷ ᠤᠶᠢᠯᠡᠳᠪᠤᠷᠢᠯᠡᠵᠤ᠂ ᠵᠢᠯ ᠤᠨ ᠡᠴᠦᠰ ᠪᠤᠯᠳᠠᠯ᠎ᠠ 1.8 | ᠲᠦᠮᠡᠨ ᠲᠣᠨ ᠭᠠᠷᠤᠯᠲᠠ ᠶᠢ ᠪᠡᠶᠡᠯᠡᠭᠦᠯᠵᠦ᠂ ᠦᠢᠯᠡᠳᠬᠦᠨ ᠤ ᠥᠷᠲᠡᠭ ᠨᠢ 1.6 ᠳ᠋ᠦᠩᠰᠢᠭᠤᠷ ᠲᠥᠭᠦᠷᠢᠭ ᠤᠨ | ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ︾ ᠭᠡᠵᠠᠢ᠃ | | | | | | | ᠡᠭᠦᠨ ᠤ ᠬᠠᠮᠲᠤ᠂ ᠬᠢᠩᠭᠠᠨ ᠠᠶᠢᠮᠠᠭ ᠤᠨ ᠯᠢᠩ ᠨᠠᠨ ᠰᠢᠶᠠᠩ ᠲᠠᠷᠢᠶᠠᠯᠠᠩ ᠤᠨ ᠪᠦᠲᠦᠭᠡᠭᠳᠡᠬᠦᠨ ᠤ ᠨᠡᠭᠡᠭᠡᠨ | ᠬᠦᠭᠵᠢᠬᠦᠯᠦᠯᠳᠡ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ | ᠲᠤᠲᠤᠷᠭ᠎ᠠ ᠡᠳ᠋ᠰᠢᠭᠦᠯᠬᠦ ᠠᠦ᠋ᠲ᠋ᠣᠴᠢᠯᠠᠭᠰᠠᠨ ᠮᠠᠰᠢᠨ ᠶᠠᠭ ᠥᠨᠳᠥᠷ ᠪᠦᠲᠦᠮᠵᠢᠲᠡᠢ ᠠᠵᠢᠯᠯᠠᠵᠤ ᠂ ᠪᠤᠯᠤᠷ ᠰᠢᠭ᠋ | ᠲᠤᠩᠭᠠᠯᠠᠭ ᠲᠤᠲᠤᠷᠭ᠎ᠠ ᠶᠢ ᠡᠯ᠎ᠡ ᠵᠦᠢᠯ ᠤᠨ ᠬᠡᠪ ᠪᠠᠷᠢᠮᠵᠢᠶ᠎ᠠ ᠪᠠᠷ ᠪᠤᠭᠤᠳᠠᠯᠯᠠᠵᠤ᠂ ᠪᠦᠬᠦ ᠤᠯᠤᠰ ᠤᠨ ᠡᠯ᠎ᠡ | ᠭᠠᠵᠠᠷ ᠲᠤ ᠭᠤᠪᠢᠭᠤᠯᠬᠤ ᠪᠠᠷ ᠪᠡᠯᠡᠳᠭᠡᠨ᠎ᠠ᠃ |