| | | ᠤᠢᠢᠷ᠎ᠠ ᠶᠢᠨ ᠵᠢᠯ ᠠᠴᠠ ᠨᠠᠰᠢ᠂ ᠤᠯᠠᠭᠠᠨᠬᠤᠲᠠ ᠤᠯᠠᠨ ᠲᠦᠮᠡᠨ ᠤ ᠡᠪᠡᠳᠴᠢᠨ ᠦᠵᠡᠭᠦᠯᠬᠦ ᠬᠦᠴᠢᠷᠳᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠢᠭᠲᠠ ᠬᠡᠯᠪᠡᠷᠢ ᠶᠢᠨ ᠬᠤᠳᠠ ᠶᠢᠨ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠡᠷ ᠪᠦᠯᠢ ᠶᠢᠨ ᠡᠮᠴᠢ ᠲᠠᠢ ᠭᠡᠷ᠎ᠡ ᠲᠤᠭᠳᠠᠨ | ᠦᠢᠯᠡᠴᠢᠯᠡᠬᠦ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠬᠦ ᠬᠤᠳᠠ ᠶᠢᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠤᠯᠠᠨ ᠲᠦᠮᠡᠨ ᠳᠤ ᠤᠢᠢᠷ᠎ᠠ ᠬᠠᠪᠢ ᠳᠠᠭᠠᠨ ᠨᠡᠩ ᠲᠦᠪ ᠭᠤᠤᠯᠴᠢ᠂ ᠰᠢᠰᠲ᠋ᠧᠮ ᠲᠠᠢ | ᠦᠷᠬᠦᠯᠵᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠵᠤ ᠪᠠᠶᠢᠨ᠎ᠠ᠃ | | | | | | | ᠬᠤᠲᠠ ᠶᠢᠨ ᠲᠡᠭᠦᠷᠭᠡ ᠵᠡᠭᠡᠯᠢ ᠶᠢᠨ ᠱᠠᠨ ᠴᠧᠩ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ ᠳᠤ᠂ ᠡᠮᠨᠡᠯᠭᠡ ᠶᠢᠨ ᠠᠵᠢᠯᠲᠠᠳ ᠶᠠᠭ ᠨᠠᠰᠤᠲᠠᠶᠢᠴᠤᠳ ᠲᠤ ᠴᠢᠰᠤᠨ ᠳᠠᠷᠤᠯᠲᠠ᠂ | ᠴᠢᠰᠤᠨ ᠰᠢᠬᠢᠷ᠂ ᠵᠢᠷᠦᠬᠡᠨ ᠤ ᠯᠤᠭᠰᠢᠯᠲᠠ ᠶᠢᠨ ᠵᠢᠷᠤᠭ᠂ ᠬᠡᠪᠡᠯᠢ ᠶᠢᠨ ᠬᠡᠰᠡᠭ ᠤᠨ B ᠬᠡᠲᠦ ᠳᠣᠯᠭᠢᠶᠠᠨ ᠵᠡᠷᠭᠡ | ᠣᠯᠠᠨ ᠵᠦᠢᠯ ᠤᠨ ᠪᠠᠶᠢᠴᠠᠭᠠᠯᠲᠠ ᠬᠢᠵᠦ ᠦᠭᠴᠤ ᠪᠠᠶᠢᠯ᠎ᠠ᠃ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ | ᠰᠤᠶᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠤ ᠦᠭᠬᠦ ᠨᠢ ᠬᠡᠷ ᠪᠦᠯᠢ ᠶᠢᠨ | ᠡᠮᠴᠢ ᠲᠠᠢ ᠭᠡᠷ᠎ᠡ ᠲᠣᠭᠲᠠᠬᠤ ᠤᠶᠢᠯᠡᠴᠢᠯᠡᠭᠡᠨ ᠤ ᠠᠵᠢᠯ ᠤᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠬᠦᠴᠦᠲᠡᠶ ᠭᠠᠷᠳᠠᠴᠠ ᠪᠣᠯᠤᠭᠰᠠᠨ ᠪᠠᠶᠢᠨ᠎ᠠ᠃ | | | | | | | ︽ᠡᠨᠡ ᠤᠳᠠᠭ᠎ᠠ ᠪᠢᠳᠡ ᠨᠡᠶᠢᠲᠡ 30 ᠭᠠᠷᠤᠶ ᠨᠠᠰᠤᠲᠠᠨ ᠳᠤ ᠪᠡᠶ᠎ᠡ ᠶᠢᠨ ᠪᠠᠶᠢᠴᠠᠭᠠᠯᠲᠠ ᠬᠢᠵᠤ ᠦᠭᠬᠦᠭᠰᠡᠨ | ᠪᠥᠭᠡᠳ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠨᠢ ᠴᠠᠭ ᠲᠤᠬᠠᠶ ᠳᠤᠨᠢ ᠰᠢᠨᠡᠳᠬᠡᠨ ᠲᠡᠭᠦᠯᠳᠡᠷᠵᠢᠭᠦᠯᠵᠦ᠂ | ᠨᠠᠰᠤᠲᠠᠶᠢᠴᠤᠳ ᠲᠤ ᠥᠪᠡᠷ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠴᠠᠭ ᠲᠤᠬᠠᠶ ᠳᠤᠨᠢ ᠣᠶᠢᠯᠠᠭᠠᠭᠤᠯᠵᠤ᠂ | ᠡᠷᠡᠭᠦᠯ ᠮᠡᠨᠳᠦ ᠪᠠᠨ ᠴᠢᠬᠤᠯᠠᠴᠢᠯᠠᠬᠤ ᠬᠡᠮᠵᠢᠶ᠎ᠡ ᠶᠢ ᠨᠢ ᠳᠡᠭᠡᠭᠰᠢᠯᠡᠭᠦᠯᠪᠡ᠃ ᠵᠠᠯᠭᠠᠭᠠᠳ ᠪᠢᠳᠡ ᠪᠠᠰᠠ ᠡᠷᠦᠬᠡ ᠪᠠᠷ | ᠭᠦᠨᠵᠡᠬᠡᠶᠢᠷᠡᠨ ᠳᠠᠭᠠᠵᠤ ᠰᠤᠷᠪᠤᠯᠵᠢᠯᠠᠬᠤ᠂ ᠰᠢᠯᠵᠢᠭᠦᠯᠦᠨ ᠡᠮᠨᠡᠭᠦᠯᠬᠦ ᠤᠶᠢᠯᠡᠴᠢᠯᠡᠭᠡ ᠬᠠᠩᠭᠠᠬᠤ ᠵᠡᠷᠭᠡ ᠣᠯᠠᠨ | ᠵᠤᠶᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠷᠢᠶ᠎ᠠ ᠣᠷᠣᠨ ᠤ ᠪᠠᠨ ᠨᠠᠰᠤᠲᠠᠶᠢᠴᠤᠳ ᠲᠤ ᠨᠠᠩ ᠳᠥᠭᠦᠮ | ᠳᠥᠲᠡ᠂ ᠬᠠᠯᠠᠭᠤᠨ ᠲᠤᠳᠤᠨᠤᠰᠤᠭ᠂ ᠦᠷᠭᠦᠯᠵᠢᠯᠡᠭᠰᠡᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ | ᠤᠶᠢᠯᠡᠴᠢᠯᠡᠭᠡ ᠬᠦᠷᠲᠡᠭᠡᠨ᠎ᠡ︾ ᠭᠡᠵᠤ ᠤᠯᠠᠭᠠᠨᠬᠤᠲᠠ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠶᠡᠷᠦᠩᠬᠡᠶ | ᠡᠮᠨᠡᠯᠭᠡ ᠶᠢᠨ ᠬᠤᠷᠢᠶᠠᠨ ᠤ ᠬᠤᠲᠠ ᠶᠢᠨ ᠲᠡᠭᠦᠷᠭᠡ ᠨᠡᠶᠢᠭᠡᠮ ᠲᠣᠭᠤᠷᠢᠭ ᠤᠨ ᠬᠤᠪᠢᠶᠠᠷᠢ ᠬᠤᠷᠢᠶᠠᠨ ᠤ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭᠠᠨ ᠤ ᠳᠠᠷᠤᠭ᠎ᠠ ᠸᠠᠩ ᠴᠡᠩᠭᠡᠯ ᠬᠡᠯᠡᠪᠡ᠃ | | | | | | | | | ᠤᠯᠠᠭᠠᠨᠬᠠᠳᠠ ᠪᠠᠯᠭᠠᠰᠤᠨ ᠤ ᠤᠯᠠᠭᠠᠨᠬᠤᠰᠢᠭᠤ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠴᠢᠰᠤᠨ | ᠰᠢᠬᠢᠷ ᠤᠨ ᠬᠡᠮᠵᠢᠭᠦᠷᠯᠢᠭ᠂ ᠲᠥᠭᠡᠨᠡᠯᠭᠡ ᠶᠢᠨ ᠮᠠᠰᠢᠨ᠂ ᠤᠯᠠᠭᠠᠨ ᠤ ᠭᠠᠳᠠᠨᠠᠬᠢ ᠰᠠᠴᠤᠷᠠᠭ ᠤᠨ ᠹᠢᠽᠢᠺ ᠵᠠᠰᠠᠯ ᠤᠨ | ᠬᠡᠮᠵᠢᠭᠦᠷᠯᠢᠭ ᠵᠡᠷᠭᠡ ᠡᠮᠴᠢᠯᠡᠭᠡᠨ ᠤ ᠲᠥᠬᠦᠭᠡᠷᠦᠮᠵᠢ ᠨᠢ ᠪᠦᠷᠢᠨ ᠭᠦᠢᠴᠡᠳ ᠪᠠᠶᠢᠵᠤ᠂ ᠡᠮᠴᠢ ᠠᠴᠠ ᠬᠡᠮᠵᠢᠬᠦᠷᠯᠢᠭ ᠢ | ᠪᠣᠯᠪᠠᠰᠤᠷᠠᠩᠭᠤᠶ ᠪᠠᠷ ᠬᠡᠷᠡᠭᠯᠡᠵᠤ᠂ ᠡᠪᠡᠳᠴᠢᠲᠡᠨ ᠳᠤ ᠡᠷᠡᠭᠦᠯᠵᠢᠭᠦᠯᠬᠦ ᠡᠮᠴᠢᠯᠡᠭᠡ ᠬᠢᠵᠦ ᠪᠠᠶᠢᠯ᠎ᠠ᠃ ᠡᠨᠡ ᠵᠢᠯ᠂ | ᠤᠯᠠᠭᠠᠨᠬᠤᠰᠢᠭᠤ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠨᠢ ᠣᠨᠣᠰᠢᠯᠠᠬᠤ ᠲᠠᠰᠤᠭ᠂ ᠡᠮᠨᠡᠨ ᠵᠠᠰᠠᠬᠤ | ᠲᠠᠰᠤᠭ᠂ ᠡᠮ ᠤᠨ ᠲᠠᠰᠤᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠭ᠂ ᠠᠵᠢᠭᠯᠠᠬᠤ ᠲᠠᠰᠤᠭ ᠵᠡᠷᠭᠡ | ᠣᠷᠣᠨ ᠪᠦᠰᠡ ᠶᠢ ᠳᠠᠬᠢᠨ ᠲᠥᠯᠥᠪᠵᠢᠭᠦᠯᠵᠦ᠂ ︽ᠲᠠᠪᠤᠨ ᠲᠠᠰᠤᠭ ᠢ ᠰᠠᠯᠭᠠᠬᠤ︾ ᠶᠢ ᠪᠡᠶᠡᠯᠡᠭᠦᠯᠦᠭᠰᠡᠨ ᠪᠥᠭᠡᠳ | ᠡᠮ ᠤᠨ ᠲᠥᠷᠥᠯ ᠵᠦᠶ᠋ᠯ ᠪᠠ ᠬᠡᠪᠴᠢᠶ᠎ᠡ ᠶᠢ ᠥᠷᠭᠡᠳᠬᠡᠪᠡ᠃ ᠣᠳᠣᠬᠠᠨ ᠳᠤ ᠡᠷᠡᠭᠦᠯ ᠬᠠᠮᠠᠭᠠᠯᠠᠯ ᠤᠨ ᠲᠠᠰᠤᠭ ᠤᠨ | ᠡᠮ ᠤᠨ ᠵᠤᠶᠢᠯ ᠨᠢᠭᠡᠨᠲᠡ 108 ᠵᠦᠢᠯ ᠳᠤ ᠬᠦᠷᠴᠦ᠂ ᠲᠣᠰᠬᠤᠨ ᠤ ᠠᠷᠠᠳ ᠤᠨ ᠡᠮᠴᠢᠯᠡᠭᠦᠯᠵᠦ ᠡᠮ ᠬᠡᠷᠡᠭᠯᠡᠬᠦ | ᠦᠨᠳᠦᠰᠦᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠵᠠᠶ᠃ | | | | | | | ᠥᠨᠥᠳᠦᠷ ᠤᠨ ᠤᠯᠠᠭᠠᠨᠬᠤᠲᠠ ᠶᠢᠨ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠨᠢ ᠠᠷᠠᠳ ᠣᠯᠠᠨ ᠤ ᠡᠷᠡᠭᠦᠯ ᠮᠡᠨᠳᠦ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ | ᠪᠠᠶᠢᠭᠤᠯᠤᠭᠰᠠᠨ ᠪᠠᠶᠢᠨ᠎ᠠ᠃ ᠬᠡᠷ ᠪᠦᠯᠢ ᠶᠢᠨ ᠡᠮᠴᠢ ᠲᠠᠢ ᠭᠡᠷ᠎ᠡ ᠲᠣᠭᠲᠠᠬᠤ ᠦᠢᠯᠡᠴᠢᠯᠡᠭᠡᠨ ᠤ ᠠᠵᠢᠯ ᠢ | ᠡᠬᠢᠯᠡᠬᠦᠯᠦᠭᠰᠡᠨ ᠠᠴᠠ ᠨᠠᠰᠢ᠂ ᠪᠥᠬᠦ ᠬᠤᠲᠠ ᠳᠤ 79 ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ᠂ 370 | ᠬᠥᠮᠦᠨ᠂ ᠨᠡᠶᠢᠲᠡ 21.7 ᠲᠦᠮᠡᠨ ᠬᠥᠮᠦᠨ ᠳᠤ ᠦᠢᠯᠡᠴᠢᠯᠡᠭᠡ ᠬᠠᠩᠭᠠᠵᠤ᠂ ᠭᠤᠤᠯᠳᠠᠯᠭ᠎ᠠ ᠲᠠᠢ ᠬᠥᠮᠦᠰ ᠤᠨ | ᠭᠡᠷ᠎ᠡ ᠲᠣᠭᠲᠠᠭᠰᠠᠨ ᠨᠣᠷᠮ᠎ᠠ 88% ᠳᠤ ᠬᠦᠷᠴᠡᠶ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠲᠠᠰᠤᠷᠠᠯᠲᠠ ᠥᠬᠡᠶ ᠲᠡᠩᠴᠡᠭᠦᠷᠢᠲᠡᠶ ᠪᠠᠶᠢᠬᠤ ᠶᠢ ᠳᠠᠭᠠᠯᠳᠤᠨ᠂ ᠤᠯᠠᠮ ᠠᠴᠠ ᠤᠯᠠᠮ ᠣᠯᠠᠨ | ᠲᠦᠮᠡᠨ ᠡᠪᠡᠳᠴᠢᠨ ᠦᠵᠡᠭᠦᠯᠬᠦ ᠳᠤ ᠳᠥᠭᠦᠮ ᠳᠥᠲᠡ ᠪᠠ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ | ᠮᠡᠳᠡᠷᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ | ᠴᠤ ᠢᠯᠡᠳᠲᠡ ᠳᠡᠭᠡᠭᠰᠢᠯᠡᠪᠡ᠃ |