| ᠶᠡᠭᠡ ᠴᠠᠰᠤ ᠪᠣᠯ ᠣᠷᠳᠣ ᠬᠤᠭᠤᠴᠠᠭ᠎ᠠ ᠪᠠᠷ ᠴᠠᠰᠤ ᠤᠷᠤᠭᠰᠠᠨ ᠠᠴᠠ ᠪᠣᠯᠵᠣ ᠶᠡᠭᠡ ᠬᠡᠪᠴᠢᠶᠡᠨ ᠤ ᠴᠠᠰᠤ | ᠬᠤᠷᠠᠬᠤ ᠨᠢᠭᠡ ᠵᠦᠢᠯ ᠤᠨ ᠪᠠᠶᠢᠭᠠᠯᠢ ᠶᠢᠨ ᠦᠵᠡᠭᠳᠡᠯ ᠪᠣᠯᠤᠨ᠎ᠠ᠂ ᠲᠡᠷᠡ ᠨᠢ ᠦᠷᠭᠦᠯᠵᠢ ᠶᠡᠭᠡ ᠰᠠᠯᠬᠢ ᠰᠠᠯᠬᠢᠯᠠᠵᠤ᠂ | ᠠᠭᠤᠷ ᠠᠮᠢᠰᠬᠤᠯ ᠬᠦᠢᠳᠡᠷᠡᠵᠤ᠂ ᠬᠦᠨᠳᠦ ᠨᠣᠴᠢᠲᠠᠶ ᠦᠶ᠎ᠡ ᠳᠤ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ | ᠴᠠᠬᠢᠯᠭᠠᠨ ᠬᠦᠷᠭᠡᠬᠦ ᠱᠤᠭᠤᠮ ᠵᠡᠷᠭᠡ ᠶᠢ ᠴᠦ ᠡᠪᠳᠡᠳᠡᠭ᠃ | ᠶᠡᠭᠡ ᠴᠠᠰᠤ ᠤᠷᠤᠬᠤ ᠰᠡᠷᠡᠮᠵᠢ ᠶᠢᠨ ᠳᠣᠬᠢᠶ᠎ᠠ ᠶᠢ ᠳᠥᠷᠪᠡᠨ ᠳᠡᠰ ᠬᠤᠪᠢᠶᠠᠵᠤ᠂ ᠳᠣᠤᠷ᠎ᠠ ᠠᠴᠠ ᠥᠨᠳᠥᠷ | ᠳᠡᠰᠢ ᠲᠣᠰ ᠲᠣᠰ ᠬᠥᠬᠡ᠂ ᠰᠢᠷ᠎ᠠ᠂ ᠤᠯᠠᠪᠤᠷ᠂ ᠤᠯᠠᠭᠠᠨ ᠭᠡᠵᠦ ᠬᠤᠪᠢᠶᠠᠨ᠎ᠠ᠃ | ᠬᠥᠬᠡ ᠥᠩᠭᠡ᠄ 12 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 4 ᠮᠢᠯᠢᠮᠧᠲᠷ ᠠᠴᠠ ᠳᠡᠭᠡᠭᠰᠢ ᠳᠤᠯᠵᠤ᠂ | ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠶᠢ ᠨᠥᠯᠥᠭᠡᠯᠡᠵᠦ ᠮᠡᠳᠡᠨ᠎ᠡ᠃ | ᠰᠢᠷ᠎ᠠ ᠥᠩᠭᠡ᠄ 12 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 6 ᠮᠢᠯᠢᠮᠧᠲᠷ ᠠᠴᠠ ᠳᠡᠭᠡᠭᠰᠢ ᠳᠤᠯᠵᠤ᠂ | ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠶᠢ ᠨᠥᠯᠥᠭᠡᠯᠡᠵᠦ ᠮᠡᠳᠡᠨ᠎ᠡ᠃ | ᠤᠯᠠᠪᠤᠷ ᠥᠩᠭᠡ᠄ 6 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 10 ᠮᠢᠯᠢᠮᠧᠲᠷ ᠠᠴᠠ ᠳᠡᠭᠡᠭᠰᠢ ᠳᠤᠯᠵᠤ | ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ ᠮᠡᠳᠡᠨ᠎ᠡ᠃ | ᠤᠯᠠᠭᠠᠨ ᠥᠩᠭᠡ᠄ 6 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 15 ᠮᠢᠯᠢᠮᠧᠲᠷ ᠠᠴᠠ ᠳᠡᠭᠡᠭᠰᠢ ᠳᠤᠯᠵᠤ | ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ ᠮᠡᠳᠡᠨ᠎ᠡ᠃ | ᠶᠡᠭᠡ ᠴᠠᠰᠤ ᠣᠷᠣᠬᠤ ᠦᠶ᠎ᠡ ᠳᠤ ᠣᠯᠠᠨ ᠢᠶᠠᠷ ᠢᠶᠠᠨ ᠴᠢᠳᠠᠬᠤ ᠶᠢᠨ ᠬᠢᠷᠢ ᠪᠠᠷ ᠭᠠᠳᠠᠭᠰᠢ ᠪᠢᠲᠡᠭᠡᠶ ᠭᠠᠷᠤᠭᠠᠷᠠᠶ | ᠃ ᠬᠡᠷᠪᠡ ᠵᠠᠪᠠᠯ ᠭᠠᠳᠠᠭᠰᠢ ᠭᠠᠷᠬᠤ ᠳᠤ ᠬᠦᠷᠪᠡᠯ ᠡᠷᠬᠡᠪᠰᠢ ᠬᠦᠢᠲᠡᠨ ᠠᠴᠠ ᠰᠡᠷᠭᠡᠶᠢᠯᠡᠬᠦ᠂ ᠭᠤᠯᠭᠤᠬᠤ ᠠᠴᠠ | ᠰᠡᠷᠭᠡᠶᠢᠯᠡᠬᠦ ᠶᠢ ᠠᠩᠬᠠᠷᠴᠤ᠂ ᠵᠠᠮ ᠬᠠᠷᠢᠯᠴᠠᠭᠠᠨ ᠤ ᠰᠤᠷᠠᠭ ᠵᠠᠩᠭᠢ ᠶᠢ ᠠᠩᠬᠠᠷᠴᠤ᠂ ᠲᠡᠷᠭᠡᠨ ᠤ ᠵᠠᠶ ᠶᠢ | ᠨᠡᠮᠡᠭᠳᠡᠭᠦᠯᠵᠦ᠂ ᠬᠤᠷᠳᠤᠴᠠ ᠪᠠᠨ ᠤᠳᠠᠭᠠᠰᠢᠷᠠᠭᠤᠯᠤᠨ ᠠᠭᠠᠵᠢᠮ ᠶᠠᠪᠤᠬᠤ ᠬᠡᠷᠡᠭᠲᠡᠶ᠃ | ᠬᠢᠩᠭᠠᠨ ᠠᠶᠢᠮᠠᠭ ᠤᠨ ᠴᠠᠭ ᠠᠭᠤᠷ ᠤᠨ ᠲᠣᠪᠴᠢᠶ᠎ᠠ ᠯᠢᠦ ᠶᠠᠩ | | | |