ᠤᠯᠠᠭᠠᠨᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠭᠤᠤᠯᠳᠠᠯᠭ᠎ᠠ ᠲᠠᠢ ᠲᠠᠯᠠᠪᠤᠷ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠵᠦ ᠠᠷᠢᠭᠤᠳᠬᠠᠬᠤ ᠠᠵᠢᠯ ᠥᠷᠨᠢᠭᠦᠯᠦᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/18
 ᠡᠯ᠎ᠡ ᠭᠤᠣᠯᠳᠠᠯᠭ᠎ᠠ ᠲᠠᠢ ᠨᠢᠭᠡᠴᠢ ᠭᠤᠣᠯᠳᠠᠯᠭ᠎ᠠ ᠲᠠᠢ ᠲᠠᠯᠠᠪᠤᠷ ᠤᠨ ᠠᠷᠢᠭᠤᠳᠬᠠᠯ ᠤᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠤᠰᠢᠭᠤᠴᠢ︾ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠠᠵᠤ ᠠᠬᠤᠶᠢᠯᠠᠯ ᠪᠠ ᠰᠤᠷᠭᠠᠭᠤᠯᠢ ᠪᠠᠷ ᠬᠦᠷᠴᠦ᠂ ︽ᠬᠠᠯᠳᠠᠪᠤᠷᠢᠲᠤ ᠡᠪᠡᠳᠴᠢᠨ ᠢ ᠪᠦᠲᠦᠮᠵᠢᠲᠡᠢ ᠰᠡᠷᠭᠡᠶᠢᠯᠡᠵᠦ᠂ ᠣᠷᠴᠢᠨ ᠲᠣᠭᠤᠷᠢᠨ ᠢ ᠰᠠᠶᠢᠲᠤᠷ ᠠᠷᠢᠭᠤᠳᠬᠠᠬᠤ︾ ᠪᠠᠷ ᠭᠤᠣᠯ ᠰᠡᠳᠦᠪ ᠪᠣᠯᠭᠠᠭᠰᠠᠨ ᠲᠤᠬᠠᠢ ᠶᠢᠨ ᠲᠠᠯᠠᠪᠠᠢ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠥᠷᠨᠢᠭᠦᠯᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠯ᠂ ᠡᠳ᠋ ᠪᠣᠳᠠᠰ ᠨᠥᠭᠡᠴᠡᠯᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠢᠭᠤᠷᠲᠠᠨ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠡᠯ᠎ᠡ ᠭᠤᠤᠯᠳᠠᠯᠭ᠎ᠠ ᠲᠠᠢ ᠨᠢᠭᠡᠴᠢ ᠨᠦᠭᠦᠳ ᠠᠷᠢᠭᠤᠨ ᠴᠡᠪᠡᠷ ᠤᠨ ᠠᠷᠢᠭᠤᠳᠬᠠᠯ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯᠯᠠᠵᠤ᠂ ᠣᠷᠴᠢᠨ ᠲᠣᠭᠤᠷᠢᠨ ᠢ ᠰᠠᠶᠢᠳᠤᠷ ᠠᠷᠢᠭᠤᠳᠬᠠᠵᠤ᠂ ᠠᠷᠢᠭᠤᠳᠬᠠᠯ ᠢ ᠪᠣᠳᠠᠲᠠᠶᠢᠵᠢᠭᠤᠯᠵᠤ᠂ ᠥᠨᠴᠥᠭ ᠪᠤᠯᠤᠩ ᠦᠯᠡᠳᠡᠭᠡᠯ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠠᠷᠢᠴᠠᠯ ᠶᠣᠰᠣᠭᠠᠷ ᠠᠷᠢᠭᠤᠳᠬᠠᠬᠤ ᠰᠢᠩᠭᠡᠨ ᠢ ᠳᠣᠭᠢᠷᠠᠭᠤᠯᠵᠤ᠂ ᠲᠣᠭᠲᠠᠭᠰᠠᠨ ᠴᠠᠭ ᠲᠤ ᠠᠷᠢᠭᠤᠳᠬᠠᠬᠤ ᠵᠢᠴᠢ ᠰᠠᠯᠬᠢ ᠨᠡᠪᠲᠡᠷᠡᠭᠦᠯᠬᠦ ᠶᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
乌兰浩特市疾病预防控制中心开展重点场所传染病防控消杀指导工作.png
 ᠲᠣᠰ ᠤᠳᠠᠭᠠᠨ ᠤ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠪᠠᠷ ᠳᠡᠮᠵᠢᠨ᠂ ᠡᠯ᠎ᠡ ᠭᠤᠤᠯᠳᠠᠯᠭ᠎ᠠ ᠲᠠᠢ ᠲᠠᠯᠠᠪᠤᠷ ᠭᠠᠵᠠᠷ ᠨᠢᠭᠡᠴᠢ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠳᠤ ᠮᠡᠷᠭᠡᠵᠢᠯ ᠤᠨ ᠳᠡᠮᠵᠢᠯᠭᠡ ᠦᠵᠡᠭᠦᠯᠦᠭᠰᠡᠨ ᠢᠶᠠᠷ ᠪᠠᠷᠠᠬᠤ ᠥᠬᠡᠶ᠂ ᠨᠢᠭᠤᠷᠳᠠᠨ ᠶᠠᠷᠢᠯᠴᠠᠵᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠᠷ ᠳᠠᠮᠵᠢᠭᠤᠯᠤᠨ ᠪᠠᠰᠠ ᠬᠠᠮᠢᠶ᠎ᠠ ᠪᠥᠬᠦᠶ ᠠᠵᠢᠯᠲᠠᠨ ᠤ ᠠᠷᠢᠭᠤᠳᠬᠠᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠪᠡᠳᠴᠢᠨ ᠡᠮᠭᠡᠭ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号