ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠥᠮᠦᠵᠢᠯ ᠤᠨ ᠲᠤᠰᠬᠠᠶ ᠰᠡᠳᠦᠪᠲᠦ ᠲᠠᠶᠢᠯᠤᠮᠵᠢ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠤᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/18
    ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠲᠠᠶᠢᠴᠢᠯᠡᠨ ᠵᠢᠯᠣᠭᠤᠳᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠥᠮᠦᠵᠢᠯ ᠤᠨ ᠲᠤᠰᠬᠠᠶ ᠰᠡᠳᠦᠪᠲᠦ ᠲᠠᠶᠢᠯᠤᠮᠵᠢ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠷᠠᠯ ᠳᠡᠭᠡᠷ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠤ ᠵᠧᠩ ᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠵᠡᠷᠭᠡ ᠠᠭᠤᠯᠭ᠎ᠠ ᠶᠢᠨ ᠲᠣᠭᠤᠷᠢᠨ ᠳᠤ ᠪᠥᠬᠦ ᠵᠠᠯᠠᠭᠤ ᠺᠠᠳ᠋ᠷᠴᠤᠳ ᠲᠤ ᠨᠢᠭᠡ ᠤᠳᠠᠭᠠᠨ ᠤ ᠭᠦᠨᠵᠡᠭᠡᠶ ᠪᠥᠭᠡᠳ ᠣᠶᠢᠯᠠᠭᠠᠮᠵᠢᠲᠠᠶ ᠲᠤᠰᠬᠠᠶ ᠰᠡᠳᠦᠪᠲᠦ ᠲᠠᠶᠢᠯᠤᠮᠵᠢ ᠬᠢᠵᠡᠶ᠃ ᠲᠠᠶᠢᠯᠤᠮᠵᠢ ᠨᠢ ︽ᠲᠦᠷᠢᠮ︾ ᠳᠤ ᠵᠠᠰᠠᠪᠤᠷᠢ ᠣᠷᠣᠭᠤᠯᠵᠤ ᠢᠯᠡᠷᠡᠭᠦᠯᠦᠭᠰᠡᠨ ᠵᠢᠷᠭᠤᠭᠠᠨ ᠬᠢᠯᠠᠰ ᠴᠡᠭ ᠢᠶᠠᠷ ᠭᠤᠤᠯᠳᠠᠭᠤᠯᠵᠤ᠂ ᠵᠠᠯᠠᠭᠤ ᠺᠠᠳ᠋ᠷᠴᠤᠳ ᠤᠨ ᠪᠤᠷᠤᠭᠤ ᠵᠠᠮ ᠢᠶᠠᠷ ᠶᠠᠪᠤᠭᠰᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠᠷ ᠳᠠᠮᠵᠢᠭᠤᠯᠤᠨ᠂ ︽ᠬᠢᠯᠠᠰ ᠴᠡᠭ ᠤᠨ ᠲᠠᠶᠢᠯᠤᠮᠵᠢ + ᠪᠣᠳᠠᠲᠠᠶ ᠲᠠᠶᠢᠯᠪᠤᠷᠢᠯᠠᠯᠳᠡ ᠬᠢᠬᠦ︾ ᠠᠷᠭ᠎ᠠ ᠪᠠᠷ ᠳᠠᠮᠵᠢᠭᠤᠯᠤᠨ᠂ ᠵᠠᠯᠠᠭᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠪᠣᠯ ᠵᠣᠯ ᠵᠢᠷᠭᠠᠯ᠂ ᠬᠤᠪᠳᠤᠭ ᠰᠢᠨᠤᠬᠠᠢ ᠪᠣᠯ ᠭᠠᠢ ᠵᠣᠪᠠᠯᠠᠩ ᠮᠥᠨ ᠭᠡᠬᠦ ᠶᠣᠰᠣ ᠶᠢ ᠪᠠᠲᠤ ᠴᠡᠭᠡᠵᠢᠯᠡᠭᠦᠯᠵᠦ᠂ ᠰᠣᠨᠣᠷ ᠰᠡᠷᠡᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠣᠰᠣ ᠲᠦᠷᠢᠮ ᠢ ᠴᠢᠩᠭ᠎ᠠ ᠰᠠᠬᠢᠵᠤ᠂ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ ᠭᠡᠵᠠᠢ᠃ ᠬᠤᠷᠠᠯ ᠠᠴᠠ᠂ ᠨᠢᠭᠡ ᠳᠤ ᠰᠠᠬᠢᠯᠭ᠎ᠠ ᠪᠠᠲᠤ ᠶᠢ ᠰᠤᠷᠤᠯᠴᠠᠬᠤ ᠲᠠᠯ᠎ᠠ ᠪᠠᠷ ᠰᠠᠬᠢᠯᠭ᠎ᠠ ᠪᠠᠳᠤ ᠶᠢ ᠲᠠᠷᠢᠬᠢ ᠲᠣᠯᠣᠭᠠᠶ ᠳᠤ  ᠪᠠᠨ ᠬᠠᠳᠠᠩᠰᠢᠭᠤᠯᠬᠤ ᠶᠢ ᠳᠣᠪᠤᠶᠢᠯᠭᠠᠪᠠ᠃ ︽ᠲᠦᠷᠢᠮ︾ ᠢ ᠰᠤᠷᠤᠯᠴᠠᠬᠤ ᠶᠢ ᠲᠣᠰ ᠪᠡᠶ᠎ᠡ ᠶᠢᠨ ᠦᠵᠡᠯ ᠰᠠᠨᠠᠭᠠᠨ ᠤ ᠪᠣᠳᠠᠲᠤ ᠪᠠᠶᠢᠳᠠᠯ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠪᠣᠳᠠᠲᠠᠶ ᠠᠵᠢᠯ᠂ ᠪᠣᠳᠠᠲᠠᠶ ᠪᠠᠶᠢᠳᠠᠯ᠂ ᠪᠣᠳᠠᠲᠠᠶ ᠬᠡᠷᠡᠭ ᠤᠨ ᠵᠢᠱᠢᠶ᠎ᠡ ᠳᠤ ︽ᠵᠢᠷᠭᠤᠭᠠᠨ ᠵᠦᠢᠯ ᠤᠨ ᠰᠠᠬᠢᠯᠭ᠎ᠠ ᠪᠠᠲᠤ ︾ ᠶᠢᠨ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠬᠤᠶᠠᠷ ᠲᠤ ᠰᠠᠬᠢᠯᠭ᠎ᠠ ᠪᠠᠲᠤ ᠶᠢ ᠲᠣᠳᠣᠷᠬᠠᠶᠢᠯᠠᠬᠤ ᠲᠠᠯ᠎ᠠ ᠪᠠᠷ ᠮᠡᠳᠡᠬᠦᠶ ᠬᠢᠬᠦᠶ ᠶᠢ ᠳᠣᠪᠤᠶᠢᠯᠭᠠᠪᠠ᠃ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠶᠠᠮᠠᠷ ᠪᠠᠶᠢᠬᠤ ᠭᠡᠳᠡᠭ ᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠶᠠᠭᠤ ᠬᠢᠵᠦ ᠳᠡᠶᠢᠯᠬᠦ᠂ ᠶᠠᠭᠤ ᠬᠢᠵᠦ ᠪᠣᠯᠬᠤ ᠦᠭᠡᠢ ᠶᠢ ᠤᠯᠠᠮ ᠴᠢᠨᠠᠭᠰᠢᠳᠠ ᠲᠣᠳᠣᠷᠬᠠᠢ ᠣᠶᠢᠯᠠᠭᠠᠵᠤ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠤᠯᠠᠮ ᠴᠢᠨᠠᠭᠰᠢᠳᠠ ᠵᠢᠭᠰᠠᠭᠠᠵᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠲᠣᠭᠲᠠᠭᠠᠬᠤ ᠬᠡᠷᠡᠭᠳᠡᠢ᠃ ᠭᠤᠷᠪᠠ ᠳᠤ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠭᠠᠷᠭᠠᠬᠤ ᠶᠢ ᠲᠤᠪᠤᠶᠢᠯᠭᠠᠪᠠ᠃ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠭᠡ ᠶᠠᠷᠢᠶ᠎ᠠ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂  ᠨᠠᠶᠢᠷ ᠲᠠᠯ᠎ᠠ ᠶᠢᠨ ᠶᠠᠪᠤᠯᠴᠠᠭ᠎ᠠ ᠶᠢᠨ ᠲᠠᠯ᠎ᠠ ᠪᠠᠷ ᠬᠢ ︽ᠪᠠᠭ᠎ᠠ ᠶᠠᠪᠤᠳᠠᠯ ᠵᠢᠵᠢᠭ ᠰᠠᠵᠢᠭ ᠵᠦᠢᠯᠡᠰ︾ ᠤᠨ ᠡᠮᠦᠨ᠎ᠡ᠂ ᠡᠰᠡᠬᠦᠯ᠎ᠡ ᠢᠷᠡᠭᠡᠳᠦᠶ ᠬᠤᠪᠢ ᠵᠠᠶᠠᠭ᠎ᠠ ᠲᠠᠢ ᠬᠤᠯᠪᠣᠭᠳᠠᠬᠤ ︽ᠵᠠᠷᠴᠢᠮ ᠤᠨ ᠠᠰᠠᠭᠤᠳᠠᠯ ︾ ᠭᠡᠰᠡᠨ ᠦᠭᠡᠢ ᠴᠥᠮ ᠪᠢᠰᠢᠷᠡᠨ ᠵᠢᠷᠦᠬᠡᠰᠢᠶᠡᠬᠦ ᠰᠡᠳᠭᠢᠯᠭᠡ ᠲᠠᠢ᠂ ᠬᠤᠷᠢᠭ᠎ᠠ ᠴᠡᠭᠡᠷ ᠲᠠᠢ ᠪᠠᠶᠢᠵᠤ᠂ ᠨᠠᠮ ᠤᠨ ᠲᠦᠷᠢᠮ  ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠥᠪᠡᠷ ᠢ ᠪᠠᠨ ᠬᠢᠵᠠᠭᠠᠷᠯᠠᠵᠤ᠂ ᠢᠮᠠᠭᠲᠠ ᠤᠯᠤᠰ ᠲᠦᠷᠦ ᠶᠢᠨ ᠤᠯᠠᠭᠠᠨ ᠱᠤᠭᠤᠮ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠢᠮᠠᠭᠳᠠ ᠪᠠᠲᠤ ᠰᠠᠬᠢᠵᠤ᠂ ᠲᠤᠷ᠎ᠠ ᠪᠠᠷ ᠢᠶᠠᠨ ᠲᠠᠯᠪᠢᠬᠤ ᠦᠭᠡᠢ᠂ ᠶᠣᠰᠣ ᠳᠦᠷᠢᠮ ᠠᠴᠠ ᠵᠥᠷᠢᠴᠡᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠵᠠᠢ᠃
 
ᠢᠷᠡᠯᠲᠡ᠄ ᠤᠯᠠᠭᠠᠨᠬᠤᠲᠠ ᠶᠢᠨ ᠪᠢᠴᠢᠯ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号