| | ᠡᠪᠦᠯ ᠤᠷᠤᠭᠰᠠᠨ ᠠᠴᠠ ᠨᠠᠰᠢ᠂ ᠦᠬᠡᠷ ᠬᠤᠨᠢᠨ ᠤ ᠤᠨᠳᠤᠷᠤᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ ᠲᠠᠢ ᠬᠠᠮᠲᠤᠷᠠᠨ ᠢᠳᠡᠪᠬᠢᠲᠡᠶ ᠪᠠᠶᠢᠷᠢᠯᠠᠭᠤᠯᠵᠤ᠂ | ᠲᠥᠯ ᠲᠤᠰᠴᠤ ᠪᠤᠶᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠯ ᠠᠵᠤ ᠠᠬᠤᠶ ᠶᠢᠨ | ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠳᠤ ᠨᠠᠶᠢᠳᠠᠪᠤᠷᠢᠲᠠᠶ ᠪᠠᠲᠤᠯᠠᠭ᠎ᠠ ᠬᠠᠩᠭᠠᠵᠤ ᠪᠤᠢ᠃ | | | | | | | ᠲᠥᠯ ᠲᠤᠰᠴᠤ ᠪᠤᠶᠢᠵᠢᠭᠤᠯᠬᠤ ᠠᠵᠢᠯ ᠪᠣᠯ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ | ᠭᠤᠭᠴᠤᠭ᠎ᠠ ᠪᠣᠯᠤᠨ᠎ᠠ᠂ ᠡᠨᠡ ᠡᠪᠦᠯ ᠢᠷᠡᠬᠦ ᠬᠠᠪᠤᠷ ᠤᠨ ᠲᠥᠯ ᠲᠤᠰᠴᠤ ᠪᠤᠶᠢᠵᠢᠭᠤᠯᠬᠤ ᠠᠵᠢᠯ ᠢ ᠰᠠᠶᠢᠲᠤᠷ | ᠬᠢᠬᠦ ᠶᠢᠨ ᠲᠥᠯᠥᠭᠡ᠂ ᠤᠯᠠᠭᠠᠨᠬᠤᠲᠠ ᠡᠷᠲᠡ ᠠᠴᠠ ᠲᠣᠬᠢᠷᠠᠭᠤᠯᠤᠨ ᠪᠠᠶᠢᠷᠢᠯᠠᠭᠤᠯᠵᠤ᠂ ᠮᠠᠯ ᠠᠵᠤ ᠠᠬᠤᠶ ᠶᠢᠨ | ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠠᠶᠢᠯᠴᠢᠯᠡᠨ ᠰᠤᠷᠪᠤᠯᠵᠢᠯᠠᠬᠤ ᠪᠠ ᠮᠡᠷᠭᠡᠵᠢᠯ ᠤᠨ | ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ︽ᠮᠢᠬᠠᠨ ᠬᠤᠨᠢ ᠠᠷᠠᠴᠢᠯᠠᠨ ᠲᠡᠵᠢᠭᠡᠬᠦ ᠬᠠᠮᠢᠶᠠᠷᠤᠯᠲᠠ ᠶᠢᠨ | ᠮᠡᠷᠭᠡᠵᠢᠯ ᠤᠨ ᠭᠠᠷ ᠳᠡᠪᠲᠡᠷ︾ ᠢ ᠲᠠᠷᠬᠠᠭᠠᠬᠤ ᠪᠠᠷ ᠳᠠᠮᠵᠢᠭᠤᠯᠤᠨ᠂ ᠲᠡᠵᠢᠭᠡᠯ ᠡᠪᠡᠰᠦ ᠨᠥᠭᠡᠴᠡᠯᠡᠬᠦ᠂ ᠬᠠᠰᠢᠶ᠎ᠠ | ᠰᠠᠷᠠᠪᠴᠢ ᠶᠢ ᠳᠤᠯᠠᠭᠠᠯᠠᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠵᠢᠴᠢ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ | ᠲᠥᠯ ᠲᠤᠰᠴᠤ ᠪᠤᠶᠢᠵᠢᠭᠤᠯᠬᠤ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠪᠠ ᠬᠦᠴᠢᠷᠳᠡᠯ ᠢ | ᠢᠳᠡᠪᠬᠢᠲᠡᠶ ᠬᠠᠪᠰᠤᠷᠤᠨ ᠵᠣᠬᠢᠴᠠᠭᠤᠯᠤᠨ ᠰᠢᠢᠳᠪᠦᠷᠢᠯᠡᠵᠦ᠂ ᠲᠥᠯ ᠲᠤᠰᠴᠤ ᠪᠤᠶᠢᠵᠢᠭᠤᠯᠬᠤ ᠨᠣᠷᠮ᠎ᠠ ᠶᠢ | ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠭᠠᠷᠤᠯᠲᠠ ᠪᠠᠨ ᠲᠡᠭᠡᠭᠰᠢᠯᠡᠬᠦᠯᠵᠤ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠪᠠ᠃ | | | | | | | ᠤᠯᠠᠭᠠᠨᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠳᠡᠯᠭᠡᠷᠡᠭᠦᠯᠦᠯᠳᠡ ᠶᠢᠨ ᠲᠥᠪ ᠤᠨ | ᠳᠡᠳ᠋ ᠡᠷᠬᠢᠯᠡᠭᠴᠢ ᠷᠧᠨ ᠫᠧᠩ ᠹᠸᠢ ᠢᠯᠡᠷᠬᠡᠶᠢᠯᠡᠬᠦ ᠳᠡᠭᠡᠨ᠂ ᠡᠨᠡ ᠵᠢᠯ᠂ ᠤᠯᠠᠭᠠᠨᠬᠤᠲᠠ ᠶᠢᠨ ᠵᠢᠯ ᠤᠨ ᠡᠴᠦᠰ ᠤᠨ | ᠦᠬᠡᠷ ᠤᠨ ᠲᠤᠭ᠎ᠠ 2.8 ᠲᠦᠮᠡ ᠣᠷᠴᠢᠮ ᠪᠠᠶᠢᠵᠤ᠂ ᠰᠠᠭᠤᠷᠢ ᠡᠬᠡ ᠮᠠᠯ 2.1 ᠲᠦᠮᠡ ᠰᠢᠬᠠᠮ ᠪᠠᠶᠢᠵᠤ᠂ | ᠵᠢᠱᠢᠯᠲᠡ ᠪᠠᠷ 1.2 ᠲᠦᠮᠡᠨ ᠡᠪᠦᠯ ᠤᠨ ᠲᠥᠯ ᠲᠤᠰᠬᠤ ᠪᠣᠯᠤᠨ᠎ᠠ ᠭᠡᠵᠠᠢ᠃ ᠲᠠᠷᠠᠭᠠᠴᠢ ᠶᠢᠨ ᠠᠯᠬᠤᠮ ᠳᠤ | ᠲᠥᠪ ᠠᠴᠠ ᠡᠪᠡᠰᠦ ᠪᠣᠷᠳᠤᠭ᠎ᠠ ᠶᠢᠨ ᠪᠠᠲᠤᠯᠠᠭ᠎ᠠ ᠶᠢᠨ ᠬᠠᠩᠭᠠᠯᠭ᠎ᠠ᠂ ᠲᠥᠯ ᠲᠤᠰᠴᠤ ᠪᠤᠶᠢᠵᠢᠭᠤᠯᠬᠤ᠂ ᠠᠮᠢᠲᠠᠨ ᠤ | ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ | ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠲᠥᠯ ᠮᠠᠯ ᠤᠨ ᠡᠳᠡᠭᠡᠷᠡᠯᠲᠡ ᠶᠢᠨ ᠨᠣᠷᠮ᠎ᠠ ᠶᠢ ᠦᠨᠡᠨ ᠬᠦ | ᠳᠡᠭᠡᠭᠰᠢᠯᠡᠭᠦᠯᠦᠨ᠎ᠡ ᠭᠡᠵᠠᠢ᠃ |