| 1. ᠴᠢᠳᠠᠬᠤ ᠶᠢᠨ ᠬᠢᠷᠢ ᠪᠠᠷ ᠭᠡᠷ ᠲᠡᠭᠡᠨ ᠰᠠᠭᠤᠵᠤ᠂ ᠭᠠᠳᠠᠭᠤᠷ ᠶᠠᠪᠤᠬᠤ ᠦᠭᠡᠢ᠃ | 2. ᠭᠠᠳᠠᠨ᠎ᠠ ᠭᠠᠷᠪᠠᠯ ᠵᠠᠷ ᠮᠡᠳᠡᠭᠡ ᠶᠢᠨ ᠫᠠᠶᠢᠰᠠ᠂ ᠲᠦᠷ ᠴᠠᠭ ᠪᠤᠰᠬᠠᠵᠤ ᠪᠠᠶᠢᠭᠤᠯᠤᠭᠰᠠᠨ ᠪᠠᠷᠢᠯᠭ᠎ᠠ ᠪᠠ | ᠬᠥᠭᠰᠢᠨ ᠮᠣᠳᠣ ᠠᠴᠠ ᠬᠤᠯᠠᠬᠠᠨ ᠪᠠᠶᠢᠵᠤ᠂ ᠤᠨᠠᠵᠤ ᠰᠢᠷᠬᠠᠲᠤᠭᠤᠯᠬᠤ ᠠᠴᠠ ᠵᠠᠶᠢᠯᠠᠰᠭᠢᠬᠦ ᠬᠡᠷᠡᠭᠲᠡᠶ᠃ ᠬᠥᠭᠦᠷᠭᠡ᠂ | ᠬᠡᠷ ᠤᠨ ᠰᠠᠷᠠᠪᠴᠢ ᠵᠡᠷᠭᠡ ᠭᠠᠵᠠᠷ ᠢᠶᠠᠷ ᠥᠩᠭᠡᠷᠡᠬᠦ ᠳᠡᠭᠡᠨ ᠰᠠᠶᠢᠳᠤᠷ ᠠᠵᠢᠭᠯᠠᠨ ᠲᠣᠭᠤᠷᠢᠤ ᠵᠠᠮ ᠢᠶᠠᠷ ᠥᠩᠭᠡᠷᠡᠵᠦ᠂ | ᠮᠥᠰᠥ ᠴᠠᠰᠤ ᠬᠠᠶᠢᠯᠵᠤ ᠪᠠᠭᠤᠭᠠᠳ ᠬᠥᠮᠦᠨ ᠢ ᠰᠢᠷᠬᠠᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃ | 3. ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠰᠣᠨᠣᠰᠴᠤ᠂ ᠵᠠᠮ ᠨᠡᠪᠳᠡᠷᠡᠯᠭᠡ ᠶᠢᠨ | ᠵᠢᠯᠣᠭᠤᠳᠤᠨ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃ | 4. ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠠᠩᠬᠠᠷᠤᠨ | ᠰᠣᠨᠣᠰᠴᠤ᠂ ᠨᠢᠰᠭᠡᠯ ᠤᠨ ᠪᠠᠭᠤᠳᠠᠯ᠂ ᠲᠦᠷᠭᠡᠨ ᠤ ᠵᠠᠰᠠᠮᠠᠯ ᠵᠠᠮ᠂ ᠣᠩᠭᠤᠴᠠ ᠪᠠᠷ ᠭᠠᠲᠤᠯᠬᠤ ᠭᠠᠷᠠᠮ ᠵᠡᠷᠭᠡ ᠶᠢᠨ | ᠠᠶᠠᠯᠠᠯ ᠵᠣᠭᠰᠣᠬᠤ ᠪᠤᠶᠤ ᠪᠢᠲᠡᠭᠦᠮᠵᠢᠯᠡᠬᠦ ᠠᠴᠠ ᠪᠣᠯᠵᠣ ᠭᠠᠳᠠᠭᠰᠢ ᠭᠠᠷᠬᠤ ᠶᠢ ᠰᠠᠭᠠᠲᠠᠭᠠᠬᠤ ᠠᠴᠠ ᠵᠠᠶᠢᠯᠠᠰᠭᠢᠬᠦ | ᠬᠡᠷᠡᠭᠲᠡᠶ᠃ | 5. ᠮᠠᠰᠢᠨ ᠲᠡᠷᠭᠡ ᠵᠢᠯᠣᠭᠤᠳᠬᠤ ᠳᠠᠭᠠᠨ ᠠᠯᠭᠤᠷ ᠠᠭᠠᠵᠢᠮ ᠢᠶᠠᠷ ᠵᠢᠯᠣᠭᠤᠳᠬᠤ ᠶᠢᠨ ᠬᠠᠮᠲᠤ ᠡᠮᠦᠨᠡᠬᠢ | ᠲᠡᠷᠭᠡ ᠠᠴᠠ ᠪᠠᠨ ᠵᠠᠶᠢᠲᠠᠶ ᠪᠠᠶᠢᠬᠤ ᠬᠡᠷᠡᠭᠲᠡᠶ᠃ ᠲᠡᠷᠭᠡ ᠮᠤᠷᠤᠢ ᠵᠠᠮ ᠳᠤ ᠤᠷᠤᠬᠤ ᠠᠴᠠ ᠪᠠᠨ ᠡᠮᠦᠨ᠎ᠡ | ᠬᠤᠷᠳᠤᠴᠠ ᠪᠠᠨ ᠤᠷᠢᠳᠴᠢᠯᠠᠨ ᠪᠠᠭᠤᠷᠠᠭᠤᠯᠵᠤ᠂ ᠲᠣᠷᠮᠣᠰᠤᠯᠠᠭᠤᠷ ᠢᠶᠠᠨ ᠤᠬᠵᠤᠮ ᠭᠢᠰᠭᠢᠬᠦ ᠠᠴᠠ ᠵᠠᠶᠢᠯᠠᠰᠭᠢᠬᠦ | ᠬᠡᠷᠡᠭᠲᠡᠶ᠃ ᠨᠥᠬᠦᠴᠡᠯ ᠲᠠᠢ ᠪᠣᠯ ᠭᠤᠯᠭᠤᠬᠤ ᠠᠴᠠ ᠰᠡᠷᠭᠡᠶᠢᠯᠡᠬᠦ ᠭᠢᠨᠵᠢ ᠲᠠᠭᠠᠷᠠᠭᠤᠯᠵᠤ᠂ ᠥᠩᠭᠡᠲᠦ ᠰᠢᠯ ᠵᠡᠭᠦᠬᠦ | ᠬᠡᠷᠡᠭᠲᠡᠶ᠃ | 6. ᠵᠠᠮ ᠬᠠᠷᠢᠯᠴᠠᠭᠠᠨ ᠤ ᠡ᠊ᠨᠳᠡᠯ ᠭᠠᠷᠤᠭᠰᠠᠨ ᠤ ᠲᠠᠷᠠᠭ᠎ᠠ᠂ ᠲᠤᠬᠠᠶ ᠶᠢᠨ ᠲᠠᠯᠠᠪᠤᠷ ᠤᠨ ᠠᠷᠤ ᠲᠠᠯ᠎ᠠ ᠪᠠᠷ | ᠢᠯᠡᠷᠬᠡᠶ ᠲᠡᠮᠳᠡᠭ ᠲᠠᠯᠪᠢᠵᠤ᠂ ᠵᠠᠯᠭᠠᠯᠳᠤᠭ᠎ᠠ ᠪᠠᠷ ᠲᠡᠷᠭᠡᠨ ᠡ᠊ᠨᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ | 7. ᠮᠠᠯᠵᠢᠬᠤ ᠲᠠᠷᠢᠶᠠᠯᠠᠬᠤ ᠣᠷᠣᠨ ᠠᠮᠤ ᠬᠦᠨᠡᠰᠦ ᠡᠪᠡᠰᠦ ᠪᠣᠷᠳᠤᠭ᠎ᠠ ᠪᠠᠨ ᠰᠠᠶᠢᠲᠤᠷ ᠨᠦᠬᠡᠴᠡᠯᠡᠵᠤ᠂ ᠮᠠᠯ | ᠤᠨᠤᠭ᠎ᠠ ᠪᠠᠨ ᠬᠠᠰᠢᠶᠠᠨ ᠳᠠᠭᠠᠨ ᠳᠡᠵᠢᠭᠡᠪᠡᠯ ᠵᠤᠬᠢᠰᠳᠠᠢ᠃ ᠲᠠᠷᠢᠮᠠᠯ ᠳᠤ ᠬᠥᠯᠳᠡᠬᠦ ᠠᠴᠠ ᠰᠡᠷᠭᠡᠶᠢᠯᠡᠬᠦ ᠠᠷᠭ᠎ᠠ | ᠬᠡᠮᠵᠢᠶ᠎ᠡ ᠠᠪᠴᠤ᠂ ᠬᠥᠯᠳᠡᠵᠤ ᠬᠤᠬᠢᠷᠠᠯ ᠳᠤ ᠤᠴᠠᠷᠠᠬᠤ ᠠᠴᠠ ᠰᠡᠷᠭᠡᠶᠢᠯᠡᠬᠦ ᠬᠡᠷᠡᠭᠲᠡᠶ᠃ | ᠬᠠᠮᠤᠭ ᠰᠡᠭᠦᠯ ᠳᠤ᠂ ᠣᠯᠠᠨ ᠢᠶᠠᠷ ᠢᠶᠠᠨ ᠬᠠᠮᠤᠭ ᠰᠢᠨ᠎ᠡ ᠴᠠᠭ ᠠᠭᠤᠷ ᠤᠨ ᠤᠷᠢᠳᠴᠢᠯᠠᠨ ᠮᠡᠳᠡᠭᠡᠯᠡᠬᠦ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠤᠷᠢᠳᠴᠢᠯᠠᠨ ᠰᠡᠷᠭᠡᠶᠢᠯᠡᠬᠦ | ᠠᠵᠢᠯ ᠢ ᠰᠠᠶᠢᠲᠤᠷ ᠬᠢᠭᠡᠷᠡᠶ᠃ | ᠬᠢᠩᠭᠠᠨ ᠠᠶᠢᠮᠠᠭ ᠤᠨ ᠴᠠᠭ ᠠᠭᠤᠷ ᠤᠨ ᠲᠣᠪᠴᠢᠶ᠎ᠠ ᠯᠢᠦ ᠶᠠᠩ |