| 12 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠵᠢᠴᠢ | ᠠᠶᠢᠮᠠᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠠᠶᠢᠮᠠᠭ ᠢ ᠵᠠᠰᠠᠬᠤ ᠵᠥᠪᠯᠡᠯ ᠤᠨ ᠬᠤᠷᠠᠯ | ᠬᠤᠷᠠᠯᠳᠤᠭᠤᠯᠵᠤ᠂ ᠬᠡᠰᠡᠭ ᠬᠤᠰᠢᠭᠤ ᠰᠢᠶᠠᠨ ᠬᠤᠲᠠ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ | ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠤ ᠬᠠᠤᠯᠢᠵᠢᠯ ᠤᠨ ᠪᠠᠶᠢᠭᠤᠯᠤᠯᠳᠠ ᠶᠢ ᠳᠥᠯᠭᠢᠨ ᠠᠬᠢᠭᠤᠯᠬᠤ | ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠭᠰᠡᠨ ᠪᠠᠶᠢᠳᠠᠯ ᠢ ᠰᠣᠨᠣᠰᠤᠭᠰᠠᠨ ᠪᠥᠭᠡᠳ | ᠲᠤᠬᠠᠶ ᠶᠢᠨ ᠲᠠᠯᠠᠪᠤᠷ ᠲᠤ ᠬᠠᠤᠯᠢᠵᠢᠯ ᠤᠨ ᠪᠠᠶᠢᠭᠤᠯᠤᠯᠳᠠ ᠶᠢᠨ ᠦᠨᠡᠯᠡᠯᠳᠡ ᠬᠢᠵᠦ᠂ ᠲᠠᠷᠠᠭᠠᠴᠢ ᠶᠢᠨ | ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠤᠯᠢᠵᠢᠯ ᠤᠨ | ᠬᠢᠩᠭᠠᠨ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠨᠢᠭᠡ | ᠴᠤᠭᠴᠠᠵᠢᠭᠤᠯᠤᠨ ᠠᠬᠢᠭᠤᠯᠵᠤ᠂ ᠬᠠᠤᠯᠢᠵᠢᠯ ᠤᠨ ᠪᠠᠶᠢᠭᠤᠯᠤᠯᠳᠠ ᠶᠢᠨ ᠪᠤᠳᠠᠳᠦ ᠦᠷ᠎ᠠ ᠪᠦᠳᠦᠮᠵᠢ ᠪᠠᠷ ︽ᠬᠤᠶᠠᠷ ᠢ | ᠲᠤᠭᠳᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ | ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠭᠦᠯᠵᠦ᠂ ᠤᠬᠠᠭᠤᠯᠭ᠎ᠠ ᠬᠦᠮᠦᠵᠢᠯ ᠤᠨ | ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠬᠦᠳᠴᠦ᠂ ᠬᠠᠤᠯᠢ ᠪᠠᠷ ᠵᠠᠰᠠᠬᠤ ᠶᠢ ᠨᠡᠶᠢᠭᠡᠮ ᠤᠨ ᠬᠠᠮᠲᠤ ᠶᠢᠨ ᠲᠠᠨᠢᠯᠲᠠ | ᠪᠠ ᠦᠨᠳᠦᠰᠦᠨ ᠵᠠᠷᠴᠢᠮ ᠪᠣᠯᠭᠠᠬᠤ ᠬᠡᠷᠡᠭᠲᠡᠶ ᠭᠡᠪᠡ᠃ ︵ᠵᠠᠩ | ᠸᠧᠶ ᠨᠠᠨ︶ | |